ᠪᠦᠭᠦᠳᠡ ᠨᠠᠢᠢᠷᠠᠮᠳᠠᠬᠤ ᠠᠽᠧᠷᠪᠠᠢᠢᠵᠠᠨ ᠤᠯᠤᠰ ᠲᠤ ᠠᠵᠢᠯ ᠤᠨ ᠠᠢᠢᠯᠴᠢᠯᠠᠯ ᠬᠢᠵᠦ ᠪᠠᠢᠢᠭ᠎ᠠ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠲᠤᠰ ᠤᠯᠤᠰ ᠤᠨ ᠲᠧᠭᠨᠣᠯᠣᠭᠢ ᠢᠢᠨ ᠫᠠᠷᠺ ᠤᠨ ᠦᠢᠯᠡ ᠠᠵᠢᠯᠯᠠᠭ᠎ᠠ ᠲᠠᠢ ᠥᠴᠥᠭᠡᠳᠦᠷ ᠲᠠᠨᠢᠯᠴᠠᠯ᠎ᠠ᠃
《ᠪᠦᠭᠦᠳᠡ ᠨᠠᠢᠢᠷᠠᠮᠳᠠᠬᠤ ᠠᠽᠧᠷᠪᠠᠢᠢᠵᠠᠨ ᠤᠯᠤᠰ ᠤᠨ ᠶᠡᠷᠦᠩᠬᠡᠢᠢᠯᠡᠭᠴᠢ ᠢᠯᠬᠠᠮ ᠠᠯᠢᠶᠧᠸ ᠤᠨ ᠰᠠᠨᠠᠭᠠᠴᠢᠯᠠᠭ᠎ᠠ ᠪᠠᠷ 2016 ᠣᠨ ᠳᠤ ᠲᠤᠰ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ ᠢᠢᠨ ᠳᠡᠷᠭᠡᠳᠡ ᠪᠠᠢᠢᠭᠤᠯᠤᠭᠳᠠᠭᠰᠠᠨ ᠡᠨᠡᠬᠦ ᠫᠠᠷᠺ ᠤᠨ ᠵᠣᠷᠢᠯᠭ᠎ᠠ ᠨᠢ ᠡᠳ᠋ ᠍ ᠦᠨ ᠵᠠᠰᠠᠭ ᠤᠨ ᠲᠣᠭᠲᠠᠪᠤᠷᠢᠲᠠᠢ ᠬᠥᠭ᠍ᠵᠢᠯ ᠢ ᠬᠠᠩᠭ᠋ᠠᠬᠤ᠂ ᠲᠡᠭᠦᠨ ᠦ ᠥᠷᠢᠰᠦᠯᠳᠦᠬᠦ ᠴᠢᠳᠠᠪᠤᠷᠢ ᠢᠢ ᠨᠡᠮᠡᠭᠳᠡᠭᠦᠯᠬᠦ᠂ ᠥᠨᠥ ᠢᠢᠨ ᠰᠢᠨᠵᠢᠯᠡᠬᠦ ᠤᠬᠠᠭᠠᠨ᠂ ᠲᠧᠭᠨᠣᠯᠣᠭᠢ ᠢᠢᠨ ᠰᠢᠨᠡᠴᠢᠯᠡᠯ᠂ ᠥᠨᠳᠦᠷ ᠲᠧᠭᠨᠣᠯᠣᠭᠢ ᠢᠢᠨ ᠴᠠᠷ᠎ᠠ ᠬᠦᠷᠢᠶ᠎ᠡ ᠢᠢ ᠥᠷᠭᠡᠵᠢᠭᠦᠯᠬᠦ᠂ ᠰᠤᠳᠤᠯᠭ᠎ᠠ ᠬᠢᠬᠦ᠂ ᠰᠢᠨ᠎ᠡ ᠲᠧᠭᠨᠣᠯᠣᠭᠢ ᠡᠵᠡᠮᠰᠢᠵᠦ ᠨᠡᠪᠲᠡᠷᠡᠭᠦᠯᠬᠦ ᠣᠷᠴᠢᠨ ᠦᠶ᠎ᠡ ᠢᠢᠨ ᠴᠣᠭᠴᠠᠯᠠᠪᠤᠷᠢ ᠪᠠᠢᠢᠭᠤᠯᠬᠤ ᠵᠡᠷᠭᠡ ᠴᠢᠭᠯᠡᠯ ᠢᠶᠡᠷ ᠲᠥᠷᠦ ᠡᠴᠡ ᠦᠵᠡᠭᠦᠯᠬᠦ ᠳᠡᠮᠵᠢᠯᠭᠡ ᠢᠢ ᠨᠡᠮᠡᠭᠳᠡᠭᠦᠯᠬᠦ ᠳᠥ ᠣᠷᠣᠰᠢᠵᠤ ᠪᠤᠢ ᠶᠤᠮ》 ᠬᠡᠮᠡᠨ ᠫᠠᠷᠺ ᠤᠨ ᠭᠦᠢᠴᠡᠳᠭᠡᠬᠦ ᠵᠠᠬᠢᠷᠤᠯ ᠨᠠᠽᠢᠮ ᠱᠤᠢᠺᠦ᠋ᠷᠣᠪ ᠲᠠᠨᠢᠯᠴᠠᠭᠤᠯᠪᠠ᠃
ᠲᠤᠰ ᠤᠯᠤᠰ ᠤᠨ ᠡᠳ᠋ ᠍ ᠦᠨ ᠵᠠᠰᠠᠭ ᠤᠨ ᠬᠥᠳᠡᠯᠭᠡᠭ᠍ᠴᠢ ᠬᠦᠴᠦ ᠪᠣᠯᠤᠭᠰᠠᠨ ᠨᠧᠹᠲ ᠢ ᠠᠰᠢᠭᠯᠠᠨ 200 ᠭᠠᠷᠤᠢ ᠨᠡᠷ᠎ᠡ ᠲᠥᠷᠥᠯ ᠦᠨ ᠪᠦᠲᠦᠭᠡᠭ᠍ᠳᠡᠬᠦᠨ ᠭᠠᠷᠭᠠᠨ ᠠᠪᠤᠭᠰᠠᠨ ᠲᠠᠯ᠎ᠠ ᠪᠠᠷ ᠢᠶᠠᠨ ᠲᠤᠰ ᠲᠥᠪ ᠦᠨ ᠤᠳᠤᠷᠢᠳᠤᠯᠭ᠎ᠠ ᠨᠤᠭᠤᠳ᠂ ᠡᠷᠳᠡᠮᠲᠡᠨ ᠰᠤᠳᠤᠯᠤᠭᠠᠴᠢᠳ ᠮᠣᠩᠭ᠋ᠣᠯ ᠤᠯᠤᠰ ᠤᠨ ᠶᠡᠷᠦᠩᠬᠡᠢᠢᠯᠡᠭᠴᠢ ᠳᠦ ᠳᠡᠯᠭᠡᠷᠡᠩᠭᠦᠢ ᠲᠠᠨᠢᠯᠴᠠᠭᠤᠯᠤᠯ᠎ᠠ᠃ ᠮᠥᠨ ᠲᠤᠰ ᠲᠥᠪ ᠦᠨ ᠬᠢᠨ ᠦ ᠨᠧᠹᠲ ᠡᠴᠡ ᠭᠠᠷᠭᠠᠵᠤ ᠠᠪᠤᠭᠰᠠᠨ ᠲᠧᠭᠨᠢᠭ ᠦᠨ ᠲᠣᠰ ᠲᠣᠰᠤᠯᠠᠭᠠᠨ ᠤ ᠮᠠᠲ᠋ᠧᠷᠢᠶᠠᠯ ᠤᠳ᠂ ᠭᠣᠸ᠎ᠠ ᠰᠠᠢᠢᠬᠠᠨ ᠤ ᠵᠡᠷᠭᠡ 50 ᠭᠠᠷᠤᠢ ᠪᠦᠲᠦᠭᠡᠭ᠍ᠳᠡᠬᠦᠨ ᠢ ᠣᠯᠠᠨ ᠲᠣᠭ᠎ᠠ ᠪᠠᠷ ᠦᠢᠯᠡᠳᠪᠦᠷᠢᠯᠡᠵᠦ ᠵᠠᠬ᠎ᠠ ᠵᠡᠭᠡᠯᠢ ᠳᠥ ᠨᠡᠢᠢᠯᠡᠭᠦᠯᠵᠦ ᠡᠬᠢᠯᠡᠵᠡᠢ᠃
ᠪᠦᠭᠦᠳᠡ ᠨᠠᠢᠢᠷᠠᠮᠳᠠᠬᠤ ᠠᠽᠧᠷᠪᠠᠢᠢᠵᠠᠨ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ ᠢᠢᠨ ᠶᠡᠷᠦᠩᠬᠡᠢᠢᠯᠡᠭᠴᠢ ᠠᠺᠢᠹ ᠠᠯᠢᠽᠠᠳᠧ 《…ᠬᠥᠭ᠍ᠵᠢᠵᠦ ᠪᠤᠢ ᠤᠯᠤᠰ ᠲᠤ ᠡᠢᠢᠮᠦ ᠲᠧᠭᠨᠣᠯᠣᠭᠢ ᠢᠢᠨ ᠫᠠᠷᠺ ᠪᠠᠢᠢᠭᠤᠯᠵᠤ᠂ ᠦᠷ᠎ᠡ ᠳ᠋ᠦᠩᠲᠡᠢ ᠠᠵᠢᠯᠯᠠᠭᠤᠯᠬᠤ ᠱᠠᠭᠠᠷᠳᠠᠯᠭ᠎ᠠ ᠲᠠᠢ᠃ ᠡᠨᠡ ᠰᠠᠯᠪᠤᠷᠢ ᠢᠢᠨ ᠲᠤᠷᠰᠢᠯᠭ᠎ᠠ ᠪᠠᠨ ᠮᠣᠩᠭ᠋ᠣᠯ ᠤᠯᠤᠰ ᠲᠠᠢ ᠬᠤᠪᠢᠶᠠᠯᠴᠠᠬᠤ ᠳᠤ ᠪᠠᠨ ᠪᠠᠶᠠᠷᠲᠠᠢ ᠪᠠᠢᠢᠬᠤ ᠪᠣᠯᠤᠨ᠎ᠠ…》 ᠬᠡᠮᠡᠨ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠬᠡᠯᠡᠪᠡ᠃
ᠮᠥᠨ ᠥᠴᠥᠭᠡᠳᠦᠷ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ 《ᠠᠽᠧᠷ-ᠢᠯᠡᠮᠧ》 ᠬᠡᠪᠢᠰ ᠨᠡᠬᠡᠮᠡᠯ ᠦᠨ ᠲᠥᠪ ᠢᠶᠡᠷ ᠵᠣᠴᠢᠯᠠᠵᠤ᠂ ᠦᠢᠯᠡ ᠠᠵᠢᠯᠯᠠᠭ᠎ᠠ ᠲᠠᠢ ᠨᠢ ᠲᠠᠨᠢᠯᠴᠠᠭᠰᠠᠨ ᠶᠤᠮ᠃ ᠬᠡᠪᠢᠰ ᠨᠡᠬᠡᠮᠡᠯ ᠦᠨ ᠲᠥᠪ ᠦᠨ ᠳᠠᠷᠤᠭ᠎ᠠ᠂ ᠡᠭᠦᠰᠬᠡᠨ ᠪᠠᠢᠢᠭᠤᠯᠤᠭᠴᠢ ᠸᠢᠳᠠᠳᠢ ᠮᠤᠷᠠᠳᠣᠪ ᠤᠨ ᠲᠠᠨᠢᠯᠴᠠᠭᠤᠯᠤᠭᠰᠠᠨ ᠢᠶᠠᠷ ᠠᠽᠧᠷᠪᠠᠢᠢᠵᠠᠨ ᠤᠯᠤᠰ ᠤᠨ ᠦᠨᠳᠦᠰᠦᠨ ᠦ ᠪᠷᠧᠨ᠋ᠳ᠋ ᠪᠣᠯᠤᠭᠰᠠᠨ ᠲᠠᠩᠰᠤᠭ ᠬᠡᠷᠡᠭᠯᠡᠭᠡᠨ ᠦ ᠥᠨᠳᠦᠷ ᠦᠨ᠎ᠡ ᠲᠡᠢ ᠬᠡᠪᠢᠰ ᠢ ᠤᠯᠠᠮᠵᠢᠯᠠᠯᠲᠤ ᠪᠣᠯᠤᠨ ᠣᠷᠴᠢᠨ ᠦᠶ᠎ᠡ ᠢᠢᠨ ᠠᠷᠭ᠎ᠠ ᠲᠧᠺᠨᠣᠯᠣᠭᠢ ᠪᠠᠷ ᠲᠤᠰ ᠦᠢᠯᠡᠳᠪᠦᠷᠢ ᠳᠥ ᠦᠢᠯᠡᠳᠪᠦᠷᠢᠯᠡᠳᠡᠭ ᠪᠠᠢᠢᠨ᠎ᠠ᠃