ᠪᠦᠭᠦᠳᠡ ᠨᠠᠶᠢᠷᠠᠮᠳᠠᠬᠤ ᠠᠽᠧᠷᠪᠠᠶᠢᠵᠠᠨ ᠤᠯᠤᠰ ᠲᠤ ᠠᠵᠢᠯ ᠤᠨ ᠠᠶᠢᠯᠴᠢᠯᠠᠯ ᠬᠢᠵᠦ ᠪᠠᠶᠢᠭ᠎ᠠ ᠮᠣᠩᠭ᠋ᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠥᠴᠥᠭᠡᠳᠦᠷ ᠠᠽᠧᠷᠪᠠᠶᠢᠵᠠᠨ ᠤ ᠨᠡᠶᠢᠰᠯᠡᠯ ᠪᠠᠺᠦ᠋ ᠬᠣᠲᠠ ᠶᠢᠨ ᠰᠤᠶᠤᠯ ᠤᠨ ᠲᠥᠪ ᠲᠥ ᠵᠣᠴᠢᠯᠠᠯ᠎ᠠ᠃
ᠪᠠᠺᠦ᠋ ᠬᠣᠲᠠ ᠶᠢᠨ ᠲᠡᠳᠦᠢ ᠦᠭᠡᠢ ᠠᠽᠧᠷᠪᠠᠶᠢᠵᠠᠨ ᠤᠯᠤᠰ ᠤᠨ ᠨᠡᠷ᠎ᠡ ᠶᠢᠨ ᠬᠠᠭᠤᠳᠠᠰᠤ ᠪᠣᠯᠤᠭᠰᠠᠨ ᠡᠨᠡᠬᠦ ᠰᠤᠶᠤᠯ ᠤᠨ ᠲᠥᠪ ᠢ ᠬᠧᠢ ᠳᠤ ᠪᠠᠷ ᠠᠯᠧᠪ ᠦᠨ ᠲᠥᠪ ᠭᠡᠵᠦ ᠨᠡᠷᠡᠯᠡᠳᠡᠭ ᠪᠥᠭᠡᠳ ᠠᠽᠧᠷᠪᠠᠶᠢᠵᠠᠨ ᠤ ᠠᠷᠠᠳ ᠲᠦᠮᠡᠨ ᠦ ᠤᠳᠤᠷᠢᠳᠤᠭᠴᠢ ᠬᠧᠢᠢᠳᠠᠷ ᠠᠯᠢᠧᠸ ᠦᠨ ᠦᠵᠡᠯ ᠪᠠᠷᠢᠮᠲᠠᠯᠠᠯ ᠢ ᠤᠯᠠ ᠰᠠᠭᠤᠷᠢ ᠲᠠᠢ ᠰᠤᠳᠤᠯᠬᠤ᠂ ᠤᠯᠤᠰ ᠤᠨ ᠢᠶᠠᠨ ᠲᠡᠦᠬᠡ᠂ ᠬᠡᠯᠡ᠂ ᠰᠤᠶᠤᠯ᠂ ᠦᠨᠳᠦᠰᠦᠨ ᠦ ᠦᠨᠡᠲᠦ ᠵᠦᠢᠯᠡᠰ ᠢ ᠪᠦᠬᠦ ᠲᠠᠯ᠎ᠠ ᠪᠠᠷ ᠬᠥᠭ᠍ᠵᠢᠭᠦᠯᠦᠨ ᠳᠡᠮᠵᠢᠬᠦ ᠵᠣᠷᠢᠯᠭ᠎ᠠ ᠲᠠᠢ ᠠᠵᠢᠯᠯᠠᠭᠤᠯᠳᠠᠭ ᠪᠠᠶᠢᠨ᠎ᠠ᠃
ᠮᠣᠩᠭ᠋ᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠳᠤ ᠲᠠᠨᠢᠯᠴᠠᠭᠤᠯᠤᠭᠰᠠᠨ ᠢᠶᠠᠷ ᠲᠤᠰ ᠤᠯᠤᠰ ᠡᠨᠡ ᠲᠥᠪ ᠢ ᠪᠠᠷᠢᠬᠤ ᠳᠤ ᠮᠠᠰᠢ ᠶᠡᠬᠡ ᠠᠩᠬᠠᠷᠤᠯ ᠬᠠᠨᠳᠤᠭᠤᠯᠤᠭᠰᠠᠨ ᠪᠥᠭᠡᠳ ᠠᠯᠳᠠᠷᠲᠤ ᠠᠷᠬᠢᠲ᠋ᠧᠺᠲ᠋ᠣᠷ ᠠᠰᠠᠨ ᠵᠠᡁᠠ ᠬᠠᠳᠢᠳ᠋ ᠵᠠᠭᠪᠤᠷᠴᠢᠯᠠᠵᠤ᠂ 57.5 ᠮᠢᠩᠭ᠋ᠠᠨ ᠮ.ᠺᠸ ᠪᠦᠬᠦᠢ ᠥᠪᠡᠷᠮᠢᠴᠡ᠂ ᠠᠽᠧᠷᠪᠠᠶᠢᠵᠠᠨ ᠤ ᠲᠡᠦᠬᠡ᠂ ᠰᠤᠶᠤᠯ ᠤᠨ ᠲᠥᠪ ᠢ 2012 ᠣᠨ ᠳᠤ ᠠᠰᠢᠭᠯᠠᠯᠲᠠ ᠳᠤ ᠣᠷᠣᠭᠤᠯᠵᠤ ᠪᠠᠶᠢᠵᠠᠢ᠃ ᠡᠳᠦᠭᠡ ᠡᠨᠡ ᠲᠥᠪ ᠲᠥ ᠲᠥᠪ ᠦᠨ ᠦᠢᠯᠡ ᠠᠵᠢᠯᠯᠠᠭ᠎ᠠ ᠲᠠᠢ ᠬᠣᠯᠪᠣᠭ᠎ᠠ ᠲᠠᠢ ᠬᠤᠷᠠᠯ᠂ ᠰᠢᠮᠫᠣᠽᠢᠦᠶᠢᠮ᠂ ᠦᠵᠡᠰᠬᠦᠯᠡᠩ ᠵᠡᠷᠭᠡ ᠣᠯᠠᠨ ᠠᠷᠭ᠎ᠠ ᠬᠡᠮᠵᠢᠶ᠎ᠡ ᠲᠠᠰᠤᠷᠠᠯᠲᠠ ᠦᠭᠡᠢ ᠵᠣᠬᠢᠶᠠᠨ ᠪᠠᠶᠢᠭᠤᠯᠤᠭᠳᠠᠳᠠᠭ ᠪᠠᠶᠢᠨ᠎ᠠ᠃
ᠮᠣᠩᠭ᠋ᠣᠯ ᠤᠯᠤᠰ ᠤᠨ ᠶᠡᠷᠦᠩᠬᠡᠶᠢᠯᠡᠭᠴᠢ ᠬ ∙ ᠬᠧᠢᠢᠳᠠᠷ ᠠᠯᠢᠧᠸ ᠦᠨ ᠨᠡᠷᠡᠮᠵᠢᠲᠦ ᠲᠤᠰ ᠤᠯᠤᠰ ᠤᠨ ᠰᠤᠶᠤᠯ ᠤᠨ ᠲᠥᠪ ᠲᠥ ᠵᠣᠴᠢᠯᠠᠭᠰᠠᠨ ᠤ ᠪᠠᠨ ᠳᠠᠷᠠᠭ᠎ᠠ ᠬᠦᠨᠳᠦᠲᠦ ᠵᠣᠴᠢᠨ ᠤ ᠳᠡᠪᠲᠡᠷ ᠲᠥ 《…ᠬᠣᠶᠠᠷ ᠤᠯᠤᠰ ᠤᠨ ᠬᠠᠮᠲᠤ ᠶᠢᠨ ᠠᠵᠢᠯᠯᠠᠭ᠎ᠠ ᠣᠯᠠᠨ ᠲᠦᠪᠰᠢᠨ ᠳᠥ ᠬᠥᠭ᠍ᠵᠢᠨ᠂ ᠴᠡᠴᠡᠭᠯᠡᠬᠦ ᠪᠣᠯᠲᠤᠭᠠᠢ…》 ᠬᠡᠮᠡᠨ ᠪᠢᠴᠢᠵᠦ ᠦᠯᠡᠳᠡᠭᠡᠪᠡ᠃