ᠪᠦᠭᠦᠳᠡ ᠨᠠᠢᠢᠷᠠᠮᠳᠠᠬᠤ ᠠᠽᠧᠷᠪᠠᠢᠢᠵᠠᠨ ᠤᠯᠤᠰ ᠲᠤ ᠠᠵᠢᠯ ᠤᠨ ᠠᠢᠢᠴᠢᠯᠠᠯ ᠬᠢᠵᠦ ᠪᠠᠢᠢᠭ᠎ᠠ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠲᠤᠰ ᠤᠯᠤᠰ ᠤᠨ ᠪᠠᠺᠦ᠋ ᠬᠣᠲᠠᠨ᠎ᠠ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ ∙ ᠸ ∙ ᠫᠦᠲ᠋ᠢᠨ ᠲᠠᠢ ᠠᠭᠤᠯᠵᠠᠯ᠎ᠠ᠃
ᠠᠭᠤᠯᠵᠠᠯᠲᠠ ᠪᠠᠷ ᠬᠣᠶᠠᠷ ᠤᠯᠤᠰ ᠤᠨ ᠬᠠᠮᠲᠤ ᠢᠢᠨ ᠠᠵᠢᠯᠯᠠᠭᠠᠨ ᠤ ᠲᠠᠯ᠎ᠠ ᠪᠠᠷ ᠶᠡᠷᠦᠩᠬᠡᠢᠢᠯᠡᠭᠴᠢ ᠨᠠᠷ ᠰᠠᠨᠠᠯ ᠰᠣᠯᠢᠯᠴᠠᠵᠤ᠂ ᠡᠨᠡ ᠰᠠᠷ᠎ᠠ ᠢᠢᠨ 11-13 ᠍ ᠳᠥ ᠣᠷᠣᠰ ᠤᠨ ᠬᠣᠯᠪᠣᠭᠠᠨ ᠤ ᠤᠯᠤᠰ ᠤᠨ ᠸᠯᠠᠳᠢᠸᠤᠰᠲ᠋ᠣᠺ ᠬᠣᠲᠠᠨ᠎ᠠ ᠪᠣᠯᠤᠭᠰᠠᠨ ᠳᠣᠷᠣᠨ᠎ᠠ ᠢᠢᠨ ᠡᠳ᠋ ᠍ ᠦᠨ ᠵᠠᠰᠠᠭ ᠤᠨ ᠴᠢᠭᠤᠯᠭᠠᠨ ᠤ ᠦᠶ᠎ᠡ ᠪᠡᠷ ᠠᠭᠤᠯᠵᠠᠬᠤ ᠳᠤ ᠪᠠᠨ ᠶᠠᠷᠢᠯᠴᠠᠭᠰᠠᠨ ᠬᠣᠶᠠᠷ ᠣᠷᠣᠨ ᠤ ᠬᠠᠷᠢᠯᠴᠠᠭ᠎ᠠ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠪᠣᠯᠤᠨ ᠡᠳ᠋ ᠍ ᠦᠨ ᠵᠠᠰᠠᠭ ᠤᠨ ᠬᠠᠷᠢᠯᠴᠠᠨ ᠠᠰᠢᠭᠲᠠᠢ ᠬᠠᠮᠲᠤ ᠢᠢᠨ ᠠᠵᠢᠯᠯᠠᠭ᠎ᠠ ᠢᠢ ᠳᠡᠮᠵᠢᠬᠦ ᠠᠰᠠᠭᠤᠳᠠᠯ ᠢᠶᠠᠷ ᠶᠠᠷᠢᠯᠴᠠᠪᠠ᠃
ᠮᠥᠨ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠂ ᠪᠦᠭᠦᠳᠡ ᠨᠠᠢᠢᠷᠠᠮᠳᠠᠬᠤ ᠠᠽᠧᠷᠪᠠᠢᠢᠵᠠᠨ ᠤᠯᠤᠰ ᠤᠨ ᠶᠡᠷᠦᠩᠬᠡᠢᠢᠯᠡᠭᠴᠢ ᠢᠯᠬᠠᠮ ᠠᠯᠢᠶᠧᠸ᠂ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ ∙ ᠸ ∙ ᠫᠦᠲ᠋ᠢᠨ ᠨᠠᠷ ᠬᠠᠮᠲᠤ ᠳᠤ ᠪᠠᠨ ᠪᠠᠺᠦ᠋ ᠬᠣᠲᠠ ᠢᠢᠨ 《ᠦᠨᠳᠦᠰᠦᠨ ᠦ ᠭᠢᠮᠨᠡᠰᠲ᠋ᠢᠺᠠ ᠠᠷᠧᠨᠠ》 ᠰᠫᠣᠷᠲ ᠤᠨ ᠣᠷᠳᠣᠨ ᠳᠤ ᠪᠣᠯᠵᠤ ᠪᠠᠢᠢᠭ᠎ᠠ ᠵᠢᠦ᠋ᠳᠣ᠋ ᠪᠥᠬᠡ ᠢᠢᠨ ᠳᠡᠯᠡᠬᠡᠢ ᠢᠢᠨ ᠠᠪᠤᠷᠭᠤ ᠰᠢᠯᠭᠠᠷᠠᠭᠤᠯᠬᠤ 32 ᠳᠠᠬᠢ ᠤᠳᠠᠭ᠎ᠠ ᠢᠢᠨ ᠪᠠᠭ ᠤᠨ ᠲᠡᠮᠡᠴᠡᠭᠡᠨ ᠦ ᠦᠳᠡ ᠡᠴᠡ ᠡᠮᠦᠨᠡᠬᠢ ᠪᠠᠷᠢᠯᠳᠤᠭᠠᠨ ᠨᠤᠭᠤᠳ ᠢ ᠦᠵᠡᠵᠦ ᠰᠣᠨᠢᠷᠬᠠᠯ᠎ᠠ᠃