ᠪᠦᠭᠦᠳᠡ ᠨᠠᠢᠢᠷᠠᠮᠳᠠᠬᠤ ᠹᠷᠠᠨ᠋ᠼ ᠤᠯᠤᠰ ᠠᠴᠠ ᠮᠣᠩᠭ᠋ᠣᠯ ᠤᠯᠤᠰ ᠲᠤ ᠰᠠᠭᠤᠬᠤ ᠣᠨᠴᠠ ᠪᠥᠭᠡᠳ ᠪᠥᠷᠢᠨ ᠡᠷᠬᠡᠲᠦ ᠡᠯᠴᠢᠨ ᠰᠠᠢᠢᠳ ᠹᠯᠢᠫᠫ ᠮᠧᠷᠯᠢᠨ ᠥᠨᠥᠳᠥᠷ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠪᠠ᠃
ᠳᠠᠷᠠᠭ᠎ᠠ ᠨᠢ ᠨᠣᠶᠠᠨ ᠹᠯᠢᠫᠫ ᠮᠧᠷᠯᠢᠨ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠪᠠᠷᠠᠭᠠᠯᠬᠠᠵᠤ᠂ ᠢᠲᠡᠭᠡᠮᠵᠢᠯᠡᠬᠦ ᠵᠢᠭᠤᠬᠤ ᠪᠢᠴᠢᠭ᠌ ᠢ ᠨᠢ ᠬᠦᠨᠳᠦᠳᠬᠡᠯᠲᠡᠢ ᠪᠡᠷ ᠭᠠᠷᠳᠠᠨ ᠠᠪᠴᠤ᠂ ᠴᠠᠭ ᠵᠠᠪ ᠭᠠᠷᠭᠠᠨ ᠠᠭᠤᠯᠵᠠᠵᠤ ᠪᠠᠢᠢᠭᠠᠳ ᠲᠠᠯᠠᠷᠬᠠᠯ ᠢᠶᠠᠨ ᠢᠯᠡᠷᠬᠡᠢᠢᠯᠡᠯ᠎ᠡ᠃ ᠮᠥᠨ ᠡᠷᠬᠢᠮᠰᠦᠭ ᠡᠯᠴᠢᠨ ᠰᠠᠢᠢᠳ ᠮᠣᠩᠭ᠋ᠣᠯ ᠤᠯᠤᠰ ᠲᠤ ᠢᠷᠡᠬᠦ᠂ ᠮᠣᠩᠭ᠋ᠣᠯ ᠤᠨ ᠲᠡᠦᠬᠡ ᠰᠣᠶᠣᠯ᠂ ᠬᠦᠮᠦᠨ ᠠᠷᠠᠳ ᠢ ᠲᠠᠨᠢᠬᠤ ᠮᠡᠳᠡᠬᠦ᠂ ᠬᠠᠮᠲᠤᠷᠠᠨ ᠠᠵᠢᠯᠯᠠᠬᠤ ᠬᠦᠰᠡᠯ ᠲᠡᠢ ᠪᠠᠢᠢᠭᠰᠠᠨ ᠨᠢ ᠡᠢᠢᠨ ᠬᠦ ᠠᠵᠢᠯ ᠬᠡᠷᠡᠭ ᠪᠣᠯᠵᠤ᠂ ᠡᠯᠴᠢᠨ ᠰᠠᠢᠢᠳ ᠢᠶᠠᠷ ᠢᠷᠡᠭᠰᠡᠨ ᠲᠤᠯᠠ ᠴᠢᠨᠠᠭᠰᠢᠳᠠ ᠬᠣᠶᠠᠷ ᠤᠯᠤᠰ ᠤᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠢᠢᠨ ᠲᠤᠯᠠᠳᠠ ᠪᠦᠬᠦᠢ ᠯᠠ ᠬᠢᠴᠢᠶᠡᠯ ᠵᠢᠳᠬᠦᠯ ᠢᠶᠡᠨ ᠭᠠᠷᠭᠠᠨ ᠠᠵᠢᠯᠯᠠᠬᠤ ᠪᠠᠨ ᠬᠡᠯᠡᠯ᠎ᠡ᠃
ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠲᠡᠭᠦᠨ ᠢ ᠮᠣᠩᠭ᠋ᠣᠯ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠢᠶᠠᠷ ᠲᠣᠮᠢᠯᠠᠭᠳᠠᠨ ᠢᠷᠡᠭᠰᠡᠨ ᠳᠥ ᠪᠠᠶᠠᠷ ᠬᠦᠷᠭᠡᠵᠦ᠂ ᠮᠠᠨ ᠤ ᠬᠣᠶᠠᠷ ᠤᠯᠤᠰ ᠤᠨ ᠡᠳ᠋ ᠍ ᠦᠨ ᠵᠠᠰᠠᠭ᠂ ᠨᠡᠢᠢᠭᠡᠮ᠂ ᠬᠦᠮᠦᠨ ᠠᠷᠠᠳ ᠤᠨ ᠭᠡᠳ ᠪᠦᠬᠦᠢ ᠯᠠ ᠲᠦᠪᠰᠢᠨ ᠦ ᠬᠠᠷᠢᠯᠴᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠳᠥ ᠨᠣᠶᠠᠨ ᠹ ∙ ᠮᠧᠷᠯᠢᠨ ᠦ ᠣᠯᠠᠨ ᠵᠢᠯ ᠦᠨ ᠳ᠋ᠢᠫᠯᠣᠮᠠᠲ᠋ᠴᠢ ᠢᠢᠨ ᠲᠤᠷᠰᠢᠯᠭ᠎ᠠ ᠨᠢ ᠥᠨᠳᠥᠷ ᠬᠤᠪᠢ ᠨᠡᠮᠡᠷᠢ ᠣᠷᠣᠭᠤᠯᠤᠨ᠎ᠠ ᠭᠡᠳᠡᠭ ᠲᠥ ᠡᠷᠡᠭᠡᠯᠵᠡᠬᠦ ᠦᠭᠡᠢ ᠪᠠᠢᠢᠭ᠎ᠠ ᠪᠠᠨ ᠢᠯᠡᠷᠬᠡᠢᠢᠯᠡᠭᠰᠡᠨ ᠶᠤᠮ᠃
ᠮᠥᠨ ᠠᠭᠤᠯᠵᠠᠯᠲᠠ ᠢᠢᠨ ᠦᠶ᠎ᠡ ᠪᠡᠷ ᠲᠠᠯ᠎ᠠ ᠨᠤᠭᠤᠳ ᠧᠦ᠋ᠷᠣᠫᠠ ᠢᠢᠨ ᠬᠣᠯᠪᠣᠭᠠᠨ ᠠᠴᠠ ᠮᠠᠨ ᠤ ᠤᠯᠤᠰ ᠤᠨ ᠬᠥᠳᠡᠭᠡ᠂ ᠠᠵᠤ ᠠᠬᠤᠢ ᠢᠢᠨ᠂ ᠮᠠᠯ᠂ ᠠᠵᠤ ᠠᠬᠤᠢ ᠢᠢᠨ ᠰᠠᠯᠪᠤᠷᠢ ᠳᠤ ᠬᠡᠷᠡᠭᠵᠢᠭᠦᠯᠬᠦ ᠲᠥᠰᠦᠯ᠂ ᠬᠥᠲᠦᠯᠪᠦᠷᠢ ᠨᠦᠭᠦᠳ ᠦᠨ ᠲᠠᠯ᠎ᠠ ᠪᠠᠷ ᠳᠡᠯᠭᠡᠷᠡᠩᠭᠦᠢ ᠶᠠᠷᠢᠯᠴᠠᠵᠤ᠂ ᠰᠠᠨᠠᠯ ᠰᠣᠯᠢᠯᠴᠠᠯ᠎ᠠ᠃
ᠮᠠᠨ ᠤ ᠬᠣᠶᠠᠷ ᠤᠯᠤᠰ 1965 ᠣᠨ ᠤ ᠳᠥᠷᠪᠡᠳᠦᠭᠡᠷ ᠰᠠᠷ᠎ᠠ ᠢᠢᠨ 27 ᠍ ᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠪᠥᠭᠡᠳ ᠹᠷᠠᠨ᠋ᠼ ᠤᠯᠤᠰ 1966 ᠣᠨ ᠳᠤ ᠤᠯᠠᠭᠠᠨᠪᠠᠭᠠᠲᠤᠷ ᠲᠤ᠂ ᠮᠣᠩᠭ᠋ᠣᠯ ᠤᠯᠤᠰ 1969 ᠣᠨ ᠳᠤ ᠫᠠᠷᠢᠰ ᠬᠣᠲᠠᠨ᠎ᠠ ᠡᠯᠴᠢᠨ ᠰᠠᠢᠢᠳ ᠤᠨ ᠶᠠᠮᠤᠳ ᠢᠶᠠᠨ ᠲᠤᠰ᠂ ᠲᠤᠰ ᠨᠡᠭᠡᠭᠡᠨ ᠠᠵᠢᠯᠯᠠᠭᠤᠯᠵᠤ ᠪᠠᠢᠢᠨ᠎ᠠ᠃