ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢᠨ ᠰᠠᠨᠠᠭᠠᠴᠢᠯᠠᠭᠰᠠᠨ ᠸᠠᠯᠦᠲ᠋ᠠ ᠢᠢᠨ ᠵᠣᠬᠢᠴᠠᠭᠤᠯᠤᠯᠲᠠ ᠢᠢᠨ ᠲᠤᠬᠠᠢ ᠬᠠᠤᠯᠢ ᠳᠤ ᠨᠡᠮᠡᠯᠲᠡ ᠤᠷᠤᠭᠤᠯᠬᠤ ᠲᠤᠬᠠᠢ ᠬᠠᠤᠯᠢ ᠢᠢᠨ ᠲᠥᠰᠥᠯ ᠢ ᠥᠨᠥᠳᠥᠷ ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ ᠤᠯᠤᠰ ᠤᠨ ᠶᠡᠬᠡ ᠬᠤᠷᠠᠯ ᠤᠨ ᠳᠠᠷᠤᠭ᠎ᠠ ᠮ ∙ ᠡᠩᠬᠡᠪᠣᠯᠤᠳ ᠲᠤ ᠳᠠᠬᠢᠨ ᠡᠷᠭᠦᠨ ᠪᠠᠷᠢᠯ᠎ᠠ᠃
ᠡᠨᠡᠬᠦ ᠬᠠᠤᠯᠢ ᠢᠢᠨ ᠲᠥᠰᠥᠯ ᠢ 2018 ᠣᠨ ᠤ ᠵᠢᠷᠭᠤᠳᠤᠭᠠᠷ ᠰᠠᠷ᠎ᠠ ᠢᠢᠨ 19 ᠍ ᠦ ᠡᠳᠦᠷ ᠤᠯᠤᠰ ᠤᠨ ᠶᠡᠬᠡ ᠬᠤᠷᠠᠯ ᠤᠨ ᠳᠠᠷᠤᠭ᠎ᠠ ᠮ ∙ ᠡᠩᠬᠡᠪᠣᠯᠤᠳ ᠲᠤ ᠡᠷᠭᠦᠨ ᠪᠠᠷᠢᠵᠤ ᠪᠠᠢᠢᠭᠰᠠᠨ ᠪᠥᠭᠡᠳ ᠲᠤᠬᠠᠢ ᠢᠢᠨ ᠰᠠᠷ᠎ᠠ ᠢᠢᠨ 28 ᠍ ᠤ ᠡᠳᠦᠷ ᠤᠯᠤᠰ ᠤᠨ ᠶᠡᠬᠡ ᠬᠤᠷᠠᠯ ᠤᠨ ᠴᠢᠭᠤᠯᠭᠠᠨ ᠤ ᠬᠤᠷᠠᠯᠳᠤᠭᠠᠨ ᠢᠶᠠᠷ ᠬᠡᠯᠡᠯᠴᠡᠵᠦ᠂ ᠳᠡᠭᠡᠷᠡᠬᠢ ᠬᠠᠤᠯᠢ ᠢᠢᠨ ᠲᠥᠰᠥᠯ ᠢ ᠬᠠᠤᠯᠢ ᠰᠠᠨᠠᠭᠠᠴᠢᠯᠠᠭᠴᠢᠳ ᠨᠢ ᠪᠤᠴᠠᠭᠠᠬᠤ ᠰᠢᠢᠳᠪᠦᠷᠢ ᠭᠠᠷᠭᠠᠵᠤ ᠪᠠᠢᠢᠭᠰᠠᠨ ᠶᠤᠮ᠃
ᠬᠠᠷᠢᠨ ᠤᠯᠤᠰ ᠤᠨ ᠶᠡᠬᠡ ᠬᠤᠷᠠᠯ ᠢᠢᠨ ᠭᠡᠰᠢᠭᠦᠨ ᠮ ∙ ᠣᠶᠤᠨᠴᠢᠮᠡᠭ ᠨᠠᠷ ᠤᠨ ᠳᠥᠷᠪᠡᠨ ᠭᠡᠰᠢᠭᠦᠨ ᠸᠠᠯᠦᠲ᠋ᠠ ᠢᠢᠨ ᠵᠣᠬᠢᠴᠠᠭᠤᠯᠤᠯᠲᠠ ᠢᠢᠨ ᠲᠤᠬᠠᠢ ᠬᠠᠤᠯᠢ ᠢᠢᠨ ᠲᠥᠰᠥᠯ ᠢ ᠤᠯᠤᠰ ᠤᠨ ᠶᠡᠬᠡ ᠬᠤᠷᠠᠯ ᠳᠤ ᠡᠷᠭᠦᠨ ᠪᠠᠷᠢᠵᠤ᠂ ᠡᠭᠦᠨ ᠢ ᠨᠢ ᠬᠠᠤᠯᠢ ᠲᠣᠭᠲᠠᠭᠠᠬᠤ ᠪᠠᠢᠢᠭᠤᠯᠤᠯᠭ᠎ᠠ ᠬᠡᠯᠡᠯᠴᠡᠵᠦ ᠪᠤᠢ ᠲᠠᠢ ᠬᠣᠯᠪᠣᠭᠳᠠᠭᠤᠯᠤᠨ ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢᠨ ᠰᠠᠨᠠᠭᠠᠴᠢᠯᠠᠭᠰᠠᠨ ᠸᠠᠯᠦᠲ᠋ᠠ ᠢᠢᠨ ᠵᠣᠬᠢᠴᠠᠭᠤᠯᠤᠯᠲᠠ ᠢᠢᠨ ᠲᠤᠬᠠᠢ ᠬᠠᠤᠯᠢ ᠳᠤ ᠨᠡᠮᠡᠯᠲᠡ ᠤᠷᠤᠭᠤᠯᠬᠤ ᠲᠤᠬᠠᠢ ᠬᠠᠤᠯᠢ ᠢᠢᠨ ᠲᠥᠰᠥᠯ ᠢ ᠳᠠᠬᠢᠨ ᠡᠷᠭᠦᠨ ᠪᠠᠷᠢᠵᠤ ᠪᠠᠢᠢᠭ᠎ᠠ ᠨᠢ ᠡᠨᠡ ᠶᠤᠮ᠃