ᠠᠽᠢᠶ᠎ᠠ-ᠧᠦ᠋ᠷᠣᠫᠠ ᠢᠢᠨ ᠳᠡᠭᠡᠳᠦ ᠬᠡᠮᠵᠢᠶᠡᠨ ᠦ 12 ᠳ᠋ᠤᠭᠠᠷ ᠠᠭᠤᠯᠵᠠᠯᠲᠠ ᠳᠤ ᠣᠷᠣᠯᠴᠠᠵᠤ ᠪᠤᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠢᠷᠯᠠᠨ᠋ᠳ᠋ ᠤᠯᠤᠰ ᠤᠨ ᠶᠡᠷᠦᠩᠬᠡᠢ ᠰᠠᠢᠢᠳ ᠠᠨ ᠲᠠᠣᠢᠰᠧᠴ ᠯᠧᠥ ᠸᠠᠷᠠᠳ᠋ᠺᠠᠷ ᠪᠠᠷᠠᠭᠠᠯᠬᠠᠯ᠎ᠠ᠃
ᠠᠭᠤᠯᠵᠠᠯᠲᠠ ᠢᠢᠨ ᠡᠬᠢᠨ ᠳᠥ ᠢᠷᠯᠠᠨ᠋ᠳ᠋ ᠤᠯᠤᠰ ᠤᠨ ᠶᠡᠷᠦᠩᠬᠡᠢ ᠰᠠᠢᠢᠳ ᠠᠨ ᠲᠠᠣᠢᠰᠧᠴ ᠯᠧᠥ ᠸᠠᠷᠠᠳ᠋ᠺᠠᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠲᠡᠢ ᠪᠡᠶᠡᠴᠢᠯᠡᠨ ᠠᠭᠤᠯᠵᠠᠵᠤ᠂ ᠬᠣᠶᠠᠷ ᠤᠯᠤᠰ ᠤᠨ ᠬᠠᠮᠲᠤ ᠢᠢᠨ ᠠᠵᠢᠯᠯᠠᠭᠠᠨ ᠤ ᠲᠠᠯ᠎ᠠ ᠪᠠᠷ ᠶᠠᠷᠢᠯᠴᠠᠵᠤ ᠪᠠᠢᠢᠭ᠎ᠠ ᠳᠤ ᠪᠠᠨ ᠲᠠᠯᠠᠷᠬᠠᠯ ᠢᠯᠡᠷᠬᠡᠢᠢᠯᠡᠭᠡᠳ᠂ 10 ᠭᠠᠷᠤᠢ ᠵᠢᠯ ᠦᠨ ᠡᠮᠦᠨ᠎ᠡ ᠮᠣᠩ᠋ᠭᠣᠯ ᠤᠯᠤᠰ ᠲᠤ 3 ᠳᠣᠯᠣᠭ᠎ᠠ ᠬᠣᠨᠣᠭ ᠤᠨ ᠲᠤᠷᠰᠢ ᠠᠵᠢᠯᠯᠠᠵᠤ ᠪᠠᠢᠢᠭᠰᠠᠨ ᠢᠶᠠᠨ ᠳᠤᠷᠠᠰᠤᠨ ᠶᠠᠷᠢᠯ᠎ᠠ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠷᠯᠠᠨ᠋ᠳ᠋ ᠤᠯᠤᠰ ᠤᠨ ᠬᠥᠳᠡᠭᠡ ᠠᠵᠤ ᠠᠬᠤᠢ ᠢᠢᠨ ᠰᠠᠯᠪᠤᠷᠢ ᠢᠢᠨ ᠬᠥᠭ᠍ᠵᠢᠯ᠂ ᠲᠡᠷᠡ ᠳᠤᠮᠳᠠ ᠪᠠᠨ ᠰᠦᠨ᠂ ᠰᠦᠨ ᠪᠦᠲᠦᠭᠡᠭ᠍ᠳᠡᠬᠦᠨ ᠦ ᠡᠺᠰᠫᠣᠷᠲ ᠤᠨ ᠣᠷᠣᠯᠭ᠎ᠠ 4 ᠲᠡᠷᠪᠤᠮ ᠠᠮ. ᠳ᠋ᠣᠯᠯᠠᠷ ᠲᠤ ᠬᠦᠷᠦᠭᠰᠡᠨ ᠭᠡᠰᠡᠨ ᠮᠡᠳᠡᠭᠡᠯᠡᠯ ᠠᠪᠤᠭᠰᠠᠨ ᠢᠶᠠᠨ ᠳᠤᠷᠠᠳᠤᠭᠠᠳ᠂ ᠮᠣᠩ᠋ᠭᠣᠯ ᠤᠯᠤᠰ ᠤᠨ ᠮᠠᠯ ᠤᠨ ᠲᠣᠭ᠎ᠠ 80 ᠰᠠᠶ᠎ᠠ ᠳᠥᠬᠥᠵᠦ ᠪᠠᠢᠢᠭ᠎ᠠ ᠤᠴᠢᠷ ᠮᠠᠯ ᠤᠨ ᠭᠠᠷᠤᠯ ᠲᠠᠢ ᠲᠦᠭᠦᠬᠡᠢ ᠡᠳ᠋ ᠍ ᠢᠶᠡᠨ ᠪᠣᠯᠪᠠᠰᠤᠷᠠᠭᠤᠯᠵᠤ᠂ ᠨᠡᠮᠡᠭᠦᠦ ᠥᠷᠲᠡᠭ ᠰᠢᠩᠭᠡᠭ᠍ᠰᠡᠨ ᠪᠦᠲᠦᠭᠡᠭ᠍ᠳᠡᠬᠦᠨ ᠦᠢᠯᠡᠳᠪᠦᠷᠢᠯᠡᠬᠦ ᠨᠢ ᠮᠣᠩ᠋ᠭᠣᠯ ᠤᠯᠤᠰ ᠤᠨ ᠬᠥᠭ᠍ᠵᠢᠯ ᠳᠥ ᠶᠡᠬᠡᠬᠡᠨ ᠴᠢᠬᠤᠯᠠ ᠭᠡᠳᠡᠭ ᠢ ᠣᠨᠴᠠᠯᠠᠪᠠ᠃ ᠮᠥᠨ ᠲᠤᠰ ᠤᠯᠤᠰ ᠤᠨ ᠠᠶᠠᠯᠠᠯ ᠵᠢᠭᠤᠯᠴᠢᠯᠠᠯ ᠤᠨ ᠰᠠᠯᠪᠤᠷᠢ ᠢᠢᠨ ᠬᠥᠭ᠍ᠵᠢᠯ ᠢ ᠰᠣᠨᠢᠷᠬᠠᠵᠤ᠂ ᠶᠠᠷᠢᠯᠴᠠᠪᠠ᠃ ᠲᠤᠰ ᠤᠯᠤᠰ ᠵᠢᠯ ᠳᠥ ᠳᠤᠮᠳᠠᠴᠢ ᠪᠠᠷ 16 ᠰᠠᠶ᠎ᠠ ᠵᠢᠭᠤᠯᠴᠢᠨ ᠬᠦᠯᠢᠶᠡᠨ ᠠᠪᠳᠠᠭ ᠲᠤᠯᠠ ᠢᠷᠯᠠᠨ᠋ᠳ᠋ ᠍ ᠤᠨ ᠠᠶᠠᠯᠠᠯ ᠵᠢᠭᠤᠯᠴᠢᠯᠠᠯ ᠤᠨ ᠰᠠᠯᠪᠤᠷᠢ ᠢᠢᠨ ᠲᠤᠷᠰᠢᠯᠭ᠎ᠠ ᠢᠢ ᠮᠣᠩ᠋ᠭᠣᠯ ᠤᠯᠤᠰ ᠰᠣᠨᠢᠷᠬᠠᠵᠤ ᠪᠠᠢᠢᠭ᠎ᠠ ᠪᠠᠨ ᠢᠯᠡᠷᠬᠡᠢᠢᠯᠡᠭᠰᠡᠨ ᠶᠤᠮ᠃
ᠮᠥᠨ ᠲᠠᠯ᠎ᠠ ᠨᠤᠭᠤᠳ ᠮᠣᠩ᠋ᠭᠣᠯ᠂ ᠢᠷᠯᠠᠨ᠋ᠳ᠋ ᠤᠯᠤᠰ ᠤᠨ ᠬᠠᠮᠲᠤ ᠢᠢᠨ ᠠᠵᠢᠯᠯᠠᠭ᠎ᠠ ᠢᠢ ᠬᠥᠳᠡᠭᠡ ᠠᠵᠤ ᠠᠬᠤᠢ᠂ ᠠᠶᠠᠯᠠᠯ ᠵᠢᠭᠤᠯᠴᠢᠯᠠᠯ ᠤᠨ ᠴᠢᠭᠯᠡᠯ ᠢᠶᠡᠷ ᠬᠥᠭ᠍ᠵᠢᠭᠦᠯᠬᠦ ᠳᠥ ᠲᠦᠯᠬᠢᠭᠦᠦ ᠠᠩᠬᠠᠷᠬᠤ ᠪᠣᠯᠤᠨ ᠣᠯᠠᠨ ᠤᠯᠤᠰ ᠤᠨ ᠲᠦᠪᠰᠢᠨ ᠳᠥ ᠬᠠᠷᠢᠯᠴᠠᠨ ᠨᠢᠭᠡᠨ ᠢᠶᠡᠨ ᠳᠡᠮᠵᠢᠵᠦ ᠠᠵᠢᠯᠯᠠᠬᠤ ᠵᠡᠷᠭᠡ ᠠᠰᠠᠭᠤᠳᠠᠯ ᠢᠶᠠᠷ ᠰᠠᠨᠠᠯ ᠰᠣᠯᠢᠯᠴᠠᠵᠤ᠂ ᠶᠠᠷᠢᠯᠴᠠᠯ᠎ᠠ᠃