Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠳᠤ ᠤᠩᠭᠠᠷᠢ ᠤᠯᠤᠰ ᠤᠨ ᠶᠡᠷᠦᠩᠬᠡᠢ ᠰᠠᠶᠢᠳ ᠸᠢᠺᠲ᠋ᠣᠷ ᠣᠷᠪᠠᠨ ᠪᠠᠷᠠᠭᠠᠯᠬᠠᠯ᠎ᠠ

ᠪᠧᠯᠬᠢ ᠤᠯᠤᠰ ᠤᠨ ᠪᠷᠦ᠋ᠰᠰᠧᠯ ᠬᠣᠲᠠᠨ᠎ᠠ ᠪᠣᠯᠵᠤ ᠪᠤᠢ ᠠᠽᠢᠶ᠎ᠠ-ᠧᠦ᠋ᠷᠣᠫᠠ ᠢᠢᠨ ᠳᠡᠭᠡᠳᠦ ᠬᠡᠮᠵᠢᠶᠡᠨ ᠦ 12 ᠳ᠋ᠤᠭᠠᠷ ᠠᠭᠤᠯᠵᠠᠯᠲᠠ ᠳᠤ ᠣᠷᠣᠯᠴᠠᠵᠤ ᠪᠠᠢᠢᠭ᠎ᠠ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠤᠩ᠋ᠭᠠᠷᠢ ᠤᠯᠤᠰ ᠤᠨ ᠶᠡᠷᠦᠩᠬᠡᠢ ᠰᠠᠢᠢᠳ ᠸᠢᠺᠲ᠋ᠣᠷ ᠣᠷᠪᠠᠨ ᠥᠴᠥᠭᠡᠳᠦᠷ ᠪᠠᠷᠠᠭᠠᠯᠬᠠᠯ᠎ᠠ᠃

 

ᠠᠭᠤᠯᠵᠠᠯᠲᠠ ᠢᠢᠨ ᠡᠬᠢᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠩᠭᠡᠷᠡᠭᠰᠡᠨ ᠵᠢᠯ ᠪᠤᠢᠲᠠᠫᠧᠱᠲ ᠲᠥ ᠠᠭᠤᠯᠵᠠᠬᠤ ᠳᠤ ᠶᠠᠷᠢᠯᠴᠠᠭᠰᠠᠨ ᠠᠵᠢᠯ ᠤᠳ ᠠᠬᠢᠴᠠᠲᠠᠢ ᠪᠠᠢᠢᠭ᠎ᠠ ᠢᠢ ᠣᠨᠴᠠᠯᠠᠭᠠᠳ ᠪᠢᠣᠺᠣᠮᠪᠢᠨᠠᠲ ᠢ ᠰᠢᠨᠡᠴᠢᠯᠡᠬᠦ ᠳᠥ ᠲᠤᠰ ᠤᠯᠤᠰ ᠤᠨ ᠬᠠᠮᠲᠤ ᠢᠢᠨ ᠠᠵᠢᠯᠯᠠᠭ᠎ᠠ ᠶᠡᠬᠡᠬᠡᠨ ᠳᠡᠮᠵᠢᠯᠭᠡ ᠪᠣᠯᠵᠤ ᠪᠠᠢᠢᠭᠠᠳ ᠲᠠᠯᠠᠷᠬᠠᠯ ᠢᠶᠠᠨ ᠢᠯᠡᠷᠬᠡᠢᠢᠯᠡᠪᠡ᠃

 

ᠤᠩ᠋ᠭᠠᠷᠢ ᠤᠯᠤᠰ ᠤᠨ ᠶᠡᠷᠦᠩᠬᠡᠢ ᠰᠠᠢᠢᠳ ᠸᠢᠺᠲ᠋ᠣᠷ ᠣᠷᠪᠠᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠲᠡᠢ ᠳᠠᠬᠢᠨ ᠠᠵᠢᠯ ᠬᠡᠷᠡᠭᠴᠢ ᠪᠡᠷ ᠠᠭᠤᠯᠵᠠᠵᠤ ᠪᠠᠢᠢᠭ᠎ᠠ ᠳᠤ ᠪᠠᠨ ᠪᠠᠶᠠᠷᠲᠠᠢ ᠪᠠᠢᠢᠨ᠎ᠠ ᠬᠡᠮᠡᠭᠡᠳ ᠴᠢᠨᠠᠭᠰᠢᠳᠠ ᠬᠣᠶᠠᠷ ᠤᠯᠤᠰ ᠤᠨ ᠬᠠᠮᠲᠤ ᠢᠢᠨ ᠠᠵᠢᠯᠯᠠᠭ᠎ᠠ ᠢᠢ ᠢᠳᠡᠪᠬᠢᠵᠢᠭᠦᠯᠬᠦ᠂ ᠪᠣᠯᠤᠮᠵᠢ ᠲᠠᠢ ᠪᠦᠬᠦᠢ ᠯᠠ ᠴᠢᠭᠯᠡᠯ ᠢᠶᠡᠷ ᠬᠠᠮᠲᠤᠷᠠᠨ ᠠᠵᠢᠯᠯᠠᠬᠤ ᠳᠤ ᠨᠡᠭᠡᠭᠡᠯᠲᠡᠲᠡᠢ ᠬᠡᠮᠡᠨ ᠣᠨᠴᠠᠯᠠᠪᠠ᠃

 

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠲᠤᠰ ᠤᠯᠤᠰ ᠲᠠᠢ ᠬᠠᠮᠲᠤᠷᠠᠨ ᠮᠣᠩ᠋ᠭᠣᠯ ᠳᠤ ᠺᠢᠨᠣ᠋ ᠦᠢᠯᠡᠳᠪᠦᠷᠢ ᠪᠠᠢᠢᠭᠤᠯᠬᠤ᠂ ᠰᠢᠨ᠎ᠡ ᠡᠺᠣ ᠬᠣᠲᠠ ᠪᠠᠢᠢᠭᠤᠯᠬᠤ᠂ ᠲᠡᠷᠡ ᠳᠤᠮᠳᠠ ᠪᠠᠨ ᠬᠣᠲᠠ ᠢᠢᠨ ᠤᠰᠤᠨ ᠤ ᠬᠠᠩ᠋ᠭᠠᠮᠵᠢ ᠢᠢᠨ ᠴᠢᠭᠯᠡᠯ ᠢᠶᠡᠷ ᠬᠠᠮᠲᠤᠷᠠᠬᠤ᠂ ᠠᠲ᠋ᠢᠯᠯᠠ ᠬᠠᠭᠠᠨ ᠤ ᠮᠦᠽᠧᠢ ᠪᠠᠢᠢᠭᠤᠯᠬᠤ ᠳᠤ ᠬᠠᠮᠲᠤᠷᠠᠬᠤ ᠭᠡᠬᠦ ᠮᠡᠲᠦ ᠴᠥᠭᠡᠨ ᠦᠭᠡᠢ ᠠᠰᠠᠭᠤᠳᠠᠯ ᠢᠶᠠᠷ ᠰᠠᠨᠠᠯ ᠲᠠᠯᠪᠢᠵᠤ ᠶᠠᠷᠢᠯᠴᠠᠭᠰᠠᠨ ᠶᠤᠮ᠃ ᠮᠥᠨ ᠮᠣᠩ᠋ᠭᠣᠯ ᠤᠨ ᠬᠥᠯ ᠪᠥᠮᠪᠥᠭᠡ ᠢᠢᠨ ᠬᠥᠭ᠍ᠵᠢᠯ ᠢ ᠳᠡᠮᠵᠢᠵᠦ ᠵᠠᠯᠠᠭᠤ ᠦᠶ᠎ᠡ ᠢᠢᠨ ᠲᠥᠯᠦᠪᠰᠢᠯ ᠳᠥ ᠶᠡᠬᠡᠬᠡᠨ ᠬᠤᠪᠢ ᠨᠡᠮᠡᠷᠢ ᠣᠷᠣᠭᠤᠯᠵᠤ ᠪᠠᠢᠢᠭᠠᠳ ᠲᠠᠯᠠᠷᠬᠠᠯ ᠢᠶᠠᠨ ᠢᠯᠡᠷᠬᠡᠢᠢᠯᠡᠯ᠎ᠡ᠃

 

ᠤᠩ᠋ᠭᠠᠷᠢ ᠢᠢᠨ ᠶᠡᠷᠦᠩᠬᠡᠢ ᠰᠠᠢᠢᠳ ᠸᠢᠺᠲ᠋ᠣᠷ ᠣᠷᠪᠠᠨ ᠮᠣᠩ᠋ᠭᠣᠯ ᠤᠯᠤᠰ ᠠᠴᠠ 200 ᠣᠶᠤᠲᠠᠨ ᠢ ᠲᠡᠳᠬᠦᠯᠭᠡ ᠪᠡᠷ ᠥᠪᠡᠷ ᠦᠨ ᠤᠯᠤᠰ ᠲᠤ ᠪᠠᠨ ᠰᠤᠷᠭᠠᠵᠤ ᠪᠠᠢᠢᠭ᠎ᠠ ᠲᠠᠯ᠎ᠠ ᠪᠠᠷ ᠢᠶᠠᠨ ᠳᠤᠷᠠᠳᠤᠭᠠᠳ ᠡᠨᠡ ᠲᠣᠭ᠎ᠠ ᠢᠢ ᠴᠢᠨᠠᠭᠰᠢᠳᠠ ᠨᠡᠮᠡᠭᠳᠡᠭᠦᠯᠬᠦ ᠳᠥ ᠠᠩᠬᠠᠷᠬᠤ ᠪᠠᠨ ᠢᠯᠡᠷᠬᠡᠢᠢᠯᠡᠭᠰᠡᠨ ᠶᠤᠮ᠃ ᠮᠥᠨ ᠰᠢᠨ᠎ᠡ ᠬᠣᠲᠠ ᠪᠠᠢᠢᠭᠤᠯᠬᠤ ᠲᠤᠬᠠᠢ ᠠᠰᠠᠭᠤᠳᠠᠯ ᠢ ᠢᠷᠡᠬᠦ ᠰᠠᠷ᠎ᠠ ᠳᠤ ᠤᠩ᠋ᠭᠠᠷᠢ ᠤᠯᠤᠰ ᠲᠤ ᠪᠣᠯᠬᠤ ᠵᠠᠰᠠᠭ ᠤᠨ ᠭᠠᠵᠠᠷ ᠬᠣᠭᠣᠷᠣᠨᠳᠣ ᠢᠢᠨ ᠺᠣᠮᠢᠰ ᠤᠨ ᠬᠤᠷᠠᠯ ᠤᠨ ᠦᠶ᠎ᠡ ᠪᠡᠷ ᠳᠠᠬᠢᠨ ᠶᠠᠷᠢᠯᠴᠠᠵᠤ᠂ ᠲᠣᠳᠣᠷᠬᠠᠢ ᠮᠡᠳᠡᠭᠡᠯᠡᠯ ᠠᠪᠬᠤ ᠢᠢ ᠬᠦᠰᠡᠯ᠎ᠡ᠃

 

ᠲᠠᠯ᠎ᠠ ᠨᠤᠭᠤᠳ ᠬᠣᠶᠠᠷ ᠲᠠᠯ᠎ᠠ ᠢᠢᠨ ᠬᠠᠮᠲᠤ ᠢᠢᠨ ᠠᠵᠢᠯᠯᠠᠭ᠎ᠠ ᠢᠢ ᠣᠯᠠᠨ ᠴᠢᠭᠯᠡᠯ ᠢᠶᠡᠷ ᠬᠥᠭ᠍ᠵᠢᠭᠦᠯᠬᠦ ᠪᠣᠯᠤᠨ ᠣᠯᠠᠨ ᠤᠯᠤᠰ ᠤᠨ ᠲᠦᠪᠰᠢᠨ ᠳᠥ ᠪᠡᠶ᠎ᠡ ᠪᠡᠶ᠎ᠡ ᠪᠡᠨ ᠳᠡᠮᠵᠢᠵᠦ ᠠᠵᠢᠯᠯᠠᠬᠤ ᠲᠤᠬᠠᠢ ᠳᠤ ᠳᠡᠯᠭᠡᠷᠡᠩᠭᠦᠢ ᠰᠠᠨᠠᠯ ᠰᠤᠯᠢᠯᠴᠠᠪᠠ᠃