Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠮᠣᠩ᠋ᠭᠣᠯ ᠤᠯᠤᠰ ᠠᠴᠠ ᠧᠦ᠋ᠷᠣᠫᠠ ᠢᠢᠨ ᠤᠯᠤᠰ ᠣᠷᠣᠨ ᠨᠤᠭᠤᠳ ᠲᠤ ᠰᠠᠭᠤᠭ᠎ᠠ ᠡᠯᠴᠢᠨ ᠰᠠᠢᠢᠳ ᠨᠠᠷ ᠢ ᠬᠦᠯᠢᠶᠡᠨ ᠠᠪᠴᠤ ᠠᠭᠤᠯᠵᠠᠪᠠ

ᠪᠧᠯᠬᠢ ᠤᠯᠤᠰ ᠤᠨ ᠪᠷᠦ᠋ᠰᠰᠧᠯ ᠬᠣᠲᠠᠨ᠎ᠠ ᠪᠣᠯᠵᠤ ᠪᠤᠢ ᠠᠽᠢᠶ᠎ᠠ-ᠧᠦ᠋ᠷᠣᠫᠠ ᠢᠢᠨ ᠳᠡᠭᠡᠳᠦ ᠬᠡᠮᠵᠢᠶᠡᠨ ᠦ 12 ᠳ᠋ᠤᠭᠠᠷ ᠠᠭᠤᠯᠵᠠᠯᠲᠠ ᠳᠤ ᠣᠷᠣᠯᠴᠠᠵᠤ ᠪᠠᠢᠢᠭ᠎ᠠ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠴᠥᠭᠡᠳᠦᠷ ᠮᠣᠩ᠋ᠭᠣᠯ ᠤᠯᠤᠰ ᠠᠴᠠ ᠧᠦ᠋ᠷᠣᠫᠠ ᠢᠢᠨ ᠤᠯᠤᠰ ᠤᠳ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠨᠠᠷ ᠢ ᠬᠦᠯᠢᠶᠡᠨ ᠠᠪᠴᠤ ᠠᠭᠤᠯᠵᠠᠪᠠ᠃

 

ᠠᠭᠤᠯᠵᠠᠯᠲᠠ ᠢᠢᠨ ᠡᠬᠢᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠠᠴᠠ ᠬᠡᠷᠡᠭᠵᠢᠭᠦᠯᠵᠦ ᠪᠤᠢ ᠲᠥᠰᠥᠯ᠂ ᠬᠥᠲᠥᠯᠪᠦᠷᠢ᠂ ᠭᠠᠳᠠᠭᠠᠳᠤ ᠪᠣᠳᠣᠯᠭ᠎ᠠ᠂ ᠦᠢᠯᠡ ᠠᠵᠢᠯᠯᠠᠭᠠᠨ ᠤ ᠲᠠᠯ᠎ᠠ ᠪᠠᠷ ᠲᠣᠪᠴᠢᠬᠠᠨ ᠮᠡᠳᠡᠭᠡᠯᠡᠯ ᠥᠭᠴᠦ᠂ ᠡᠯᠴᠢᠨ ᠰᠠᠢᠢᠳ ᠨᠠᠷ ᠲᠤ ᠰᠠᠭᠤᠭ᠎ᠠ ᠤᠯᠤᠰ ᠲᠠᠢ ᠪᠠᠨ ᠬᠠᠷᠢᠯᠴᠠᠨ ᠠᠰᠢᠭᠲᠠᠢ ᠪᠠᠷ ᠬᠠᠮᠲᠤ ᠢᠢᠨ ᠠᠵᠢᠯᠯᠠᠭ᠎ᠠ ᠢᠢ ᠪᠠᠨ ᠥᠷᠭᠡᠵᠢᠭᠦᠯᠵᠦ᠂ ᠭᠠᠳᠠᠭᠠᠳᠤ ᠬᠠᠷᠢᠯᠴᠠᠭ᠎ᠠ ᠢᠢ ᠡᠳ᠋ ᠍ ᠦᠨ ᠵᠠᠰᠠᠭᠵᠢᠭᠤᠯᠬᠤ ᠠᠰᠠᠭᠤᠳᠠᠯ ᠳᠤ ᠠᠩᠬᠠᠷᠬᠤ ᠢᠢ ᠬᠦᠰᠡᠭᠰᠡᠨ ᠶᠤᠮ᠃

 

ᠮᠥᠨ ᠠᠶᠠᠯᠠᠯ ᠵᠢᠭᠤᠯᠴᠢᠯᠠᠯ᠂ ᠬᠥᠳᠡᠭᠡ ᠠᠵᠤ ᠠᠬᠤᠢ ᠢᠢᠨ ᠰᠠᠯᠪᠤᠷᠢ ᠳᠤ ᠪᠠᠷᠢᠮᠲᠠᠯᠠᠵᠤ ᠪᠤᠢ ᠪᠣᠳᠣᠯᠭ᠎ᠠ᠂ ᠪᠠᠷᠢᠮᠲᠠ ᠪᠢᠴᠢᠭ᠌ ᠦᠨ ᠳᠠᠭᠠᠭᠤ ᠪᠣᠯᠪᠠᠰᠤᠷᠠᠭᠤᠯᠤᠭᠰᠠᠨ ᠲᠥᠰᠥᠯ᠂ ᠬᠥᠲᠥᠯᠪᠦᠷᠢ ᠨᠦᠭᠦᠳ ᠢ ᠳᠡᠯᠭᠡᠷᠡᠩᠭᠦᠢ ᠲᠠᠨᠢᠯᠴᠠᠭᠤᠯᠵᠤ᠂ ᠡᠯᠴᠢᠨ ᠰᠠᠢᠢᠳ ᠨᠠᠷ ᠲᠠᠢ ᠰᠠᠨᠠᠯ ᠰᠣᠯᠢᠯᠴᠠᠯ᠎ᠠ᠃ ᠲᠤᠬᠠᠢᠢᠯᠠᠪᠠᠯ᠂ ᠬᠥᠳᠡᠭᠡ ᠠᠵᠤ ᠠᠬᠤᠢ ᠠᠴᠠ ᠭᠠᠷᠤᠯ ᠲᠠᠢ ᠲᠦᠭᠦᠬᠡᠢ ᠡᠳ᠋ ᠍ ᠢ ᠪᠣᠯᠪᠠᠰᠤᠷᠠᠭᠤᠯᠬᠤ ᠱᠠᠭᠠᠷᠳᠠᠯᠭ᠎ᠠ ᠲᠠᠢ ᠲᠤᠯᠠ ᠧᠦ᠋ᠷᠣᠫᠠ ᠢᠢᠨ ᠡᠨᠡ ᠴᠢᠭᠯᠡᠯ ᠦᠨ ᠲᠧᠭᠨᠣᠯᠣᠭᠢ ᠥᠨᠳᠥᠷ ᠬᠥᠭ᠍ᠵᠢᠭᠰᠡᠨ ᠤᠯᠤᠰ ᠣᠷᠣᠨ ᠲᠠᠢ ᠨᠢᠭ᠌ᠲᠠ ᠬᠠᠮᠲᠤ ᠢᠢᠨ ᠠᠵᠢᠯᠯᠠᠭ᠎ᠠ ᠲᠠᠢ ᠪᠠᠢᠢᠵᠤ ᠲᠥᠰᠥᠯ᠂ ᠬᠥᠲᠥᠯᠪᠦᠷᠢ ᠨᠦᠭᠦᠳ ᠢ ᠲᠠᠨᠢᠯᠴᠠᠭᠤᠯᠬᠤ᠂ ᠠᠶᠠᠯᠠᠯ ᠵᠢᠭᠤᠯᠴᠢᠯᠠᠯ ᠤᠨ ᠰᠠᠯᠪᠤᠷᠢ ᠳᠤ ᠪᠦᠲᠦᠭᠡᠨ ᠪᠠᠢᠢᠭᠤᠯᠬᠤ ᠪᠠᠷ ᠪᠡᠯᠡᠳᠬᠡᠭ᠍ᠰᠡᠨ ᠲᠥᠰᠥᠯ ᠦᠳ ᠲᠡᠢ ᠴᠤ ᠰᠠᠢᠢᠲᠤᠷ ᠲᠠᠨᠢᠯᠴᠠᠵᠤ᠂ ᠰᠠᠭᠤᠭ᠎ᠠ ᠤᠯᠤᠰ ᠤᠨ ᠢᠶᠠᠨ ᠣᠨᠴᠠᠯᠢᠭ ᠲᠤ ᠲᠣᠬᠢᠷᠠᠭᠤᠯᠤᠨ ᠬᠠᠮᠲᠤᠷᠠᠨ ᠠᠵᠢᠯᠯᠠᠬᠤ ᠬᠡᠷᠡᠭᠲᠡᠢ ᠢᠢ ᠬᠡᠯᠡᠯ᠎ᠡ᠃

 

ᠮᠥᠨ ᠡᠯᠴᠢᠨ ᠰᠠᠢᠢᠳ ᠨᠠᠷ ᠲᠤ ᠥᠭ᠍ᠭᠦᠭᠰᠡᠨ ᠪᠠᠷᠢᠮᠲᠠ ᠪᠢᠴᠢᠭ᠌᠂ ᠲᠥᠰᠥᠯ ᠬᠥᠲᠥᠯᠪᠦᠷᠢ ᠨᠦᠭᠦᠳ ᠨᠢ ᠤᠯᠠ ᠰᠠᠭᠤᠷᠢ ᠲᠠᠢ ᠪᠣᠯᠬᠤ ᠢᠢ ᠴᠣᠬᠣᠨ ᠲᠡᠮᠳᠡᠭᠯᠡᠵᠦ᠂ ᠲᠥᠷᠥ ᠢᠢᠨ ᠥᠨᠳᠥᠷᠯᠢᠭ ᠦᠳ 《ᠨᠢᠭᠡ ᠴᠣᠩ᠋ᠬᠣᠨ ᠤ》 ᠭᠠᠳᠠᠭᠠᠳᠤ ᠪᠣᠳᠣᠯᠭ᠎ᠠ ᠪᠠᠷᠢᠮᠲᠠᠯᠠᠵᠤ ᠪᠤᠢ ᠲᠤᠯᠠ ᠲᠠᠨᠢᠯᠴᠠᠭᠤᠯᠭ᠎ᠠ᠂ ᠥᠭ᠍ᠭᠦᠭ᠍ᠰᠡᠨ ᠡᠭᠦᠷᠭᠡ ᠴᠢᠭᠯᠡᠯ ᠲᠡᠢ ᠬᠣᠯᠪᠣᠭᠳᠠᠭᠤᠯᠤᠨ ᠬᠢᠴᠢᠶᠡᠩᠭᠦᠢᠢᠯᠡᠨ ᠠᠵᠢᠯᠯᠠᠬᠤ ᠢᠢ ᠬᠦᠰᠡᠭᠰᠡᠨ ᠶᠤᠮ᠃

 

ᠡᠯᠴᠢᠨ ᠰᠠᠢᠢᠳ ᠨᠠᠷ ᠠᠭᠤᠯᠵᠠᠯᠲᠠ ᠢᠢᠨ ᠲᠤᠷᠰᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠠᠴᠠ ᠰᠣᠨᠢᠷᠬᠠᠭᠰᠠᠨ ᠠᠰᠠᠭᠤᠯᠲᠠ ᠪᠠᠨ ᠠᠰᠠᠭᠤᠵᠤ᠂ ᠬᠠᠷᠢᠭᠤᠯᠲᠠ ᠠᠪᠤᠭᠰᠠᠨ ᠢᠶᠠᠷ ᠨᠢᠭᠡᠳᠦᠭᠰᠡᠨ ᠣᠢᠢᠯᠠᠭᠠᠯᠲᠠᠳ ᠬᠦᠷᠦᠯ᠎ᠡ ᠭᠡᠳᠡᠭ ᠢᠶᠡᠨ ᠢᠯᠡᠷᠬᠡᠢᠢᠯᠡᠵᠦ᠂ ᠪᠣᠭᠣᠨᠢ ᠬᠤᠭᠤᠴᠠᠭᠠᠨ ᠳᠤ ᠦᠷ᠎ᠡ ᠳ᠋ᠦᠩ ᠭᠠᠷᠭᠠᠵᠤ ᠠᠵᠢᠯᠯᠠᠬᠤ ᠪᠠᠨ ᠢᠯᠡᠷᠬᠡᠢᠢᠯᠡᠪᠡ᠃