Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠧᠦ᠋ᠷᠣᠫᠠ ᠢᠢᠨ ᠵᠠᠷᠢᠮ ᠬᠣᠲᠠ ᠳᠤ ᠠᠵᠢᠯᠯᠠᠵᠤ ᠠᠮᠢᠳᠤᠷᠠᠵᠤ ᠪᠠᠢᠢᠭ᠎ᠠ ᠮᠣᠩ᠋ᠭᠣᠯᠴᠤᠳ ᠲᠠᠢ ᠠᠭᠤᠯᠵᠠᠯ᠎ᠠ

ᠪᠧᠯᠬᠢ ᠤᠯᠤᠰ ᠤᠨ ᠪᠷᠦ᠋ᠰᠰᠧᠯ ᠬᠣᠲᠠᠨ᠎ᠠ ᠪᠣᠯᠤᠭᠰᠠᠨ ᠠᠽᠢᠶ᠎ᠠ-ᠧᠦ᠋ᠷᠣᠫᠠ ᠢᠢᠨ ᠳᠡᠭᠡᠳᠦ ᠬᠡᠮᠵᠢᠶᠡᠨ ᠦ 12 ᠳ᠋ᠤᠭᠠᠷ ᠠᠭᠤᠯᠵᠠᠯᠲᠠ ᠳᠤ ᠣᠷᠣᠯᠴᠠᠭᠰᠠᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠡᠯᠡᠬᠡᠢ ᠢᠢᠨ ᠬᠥᠷᠥᠩᠭᠡ ᠣᠷᠣᠭᠤᠯᠤᠯᠲᠠ ᠢᠢᠨ ᠴᠢᠭᠤᠯᠭ᠎ᠠ ᠠᠭᠤᠯᠵᠠᠯᠲᠠ ᠳᠤ ᠣᠷᠣᠯᠴᠠᠬᠤ ᠪᠠᠷ ᠱᠸᠧᠢᠼᠠᠷ ᠤᠨ ᠬᠣᠯᠪᠣᠭᠠᠨ ᠤ ᠤᠯᠤᠰ ᠤᠨ ᠵᠧᠨᠧᠸ ᠬᠣᠲᠠ ᠳᠤ ᠥᠴᠥᠭᠡᠳᠦᠷ ᠬᠦᠷᠦᠯᠴᠡᠨ ᠢᠷᠡᠭᠰᠡᠨ ᠶᠤᠮ᠃ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠬᠦᠷᠦᠯᠴᠡᠨ ᠢᠷᠡᠭᠰᠡᠨ ᠳᠠᠷᠤᠢ ᠳᠤ ᠪᠠᠨ ᠵᠧᠨᠧᠸ ᠬᠣᠲᠠ ᠪᠣᠯᠤᠨ ᠧᠦ᠋ᠷᠣᠫᠠ ᠢᠢᠨ ᠪᠤᠰᠤᠳ ᠣᠢᠢᠷᠠᠯᠴᠠᠭ᠎ᠠ ᠬᠣᠲᠠ ᠨᠤᠭᠤᠳ ᠲᠤ ᠣᠷᠣᠰᠢᠨ ᠰᠠᠭᠤᠭ᠎ᠠ ᠮᠣᠩ᠋ᠭᠣᠯᠴᠤᠳ ᠤᠨ ᠲᠥᠯᠥᠭᠡᠯᠡᠯ ᠲᠡᠢ ᠠᠭᠤᠯᠵᠠᠵᠤ᠂ ᠰᠠᠨᠠᠯ ᠪᠣᠳᠣᠯ ᠢ ᠨᠢ ᠰᠣᠨᠣᠰᠤᠨ᠂ ᠨᠡᠭᠡᠭᠡᠯᠲᠡᠲᠡᠢ ᠶᠠᠷᠢᠯᠴᠠᠯ᠎ᠠ᠃

 

ᠱᠸᠧᠢᠼᠠᠷ ᠤᠨ ᠬᠣᠯᠪᠣᠭᠠᠨ ᠤ ᠤᠯᠤᠰ ᠲᠤ 1500 ᠭᠠᠷᠤᠢ ᠮᠣᠩ᠋ᠭᠣᠯ ᠢᠷᠭᠡᠨ ᠠᠵᠢᠯᠯᠠᠵᠤ ᠠᠮᠢᠳᠤᠷᠠᠳᠠᠭ ᠪᠥᠭᠡᠳ ᠠᠭᠤᠯᠵᠠᠯᠲᠠ ᠳᠤ ᠼᠶᠦ᠋ᠷᠢᡁ᠂ ᠫᠠᠷᠢᠰ ᠵᠡᠷᠭᠡ ᠬᠣᠲᠠ ᠨᠤᠭᠤᠳ ᠠᠴᠠ ᠮᠣᠩ᠋ᠭᠣᠯᠴᠤᠳ ᠢᠷᠡᠵᠦ ᠣᠷᠣᠯᠴᠠᠭᠰᠠᠨ ᠶᠤᠮ᠃ ᠠᠭᠤᠯᠵᠠᠯᠲᠠ ᠳᠤ ᠣᠷᠣᠯᠴᠠᠭᠴᠢᠳ ᠮᠣᠩ᠋ᠭᠣᠯ ᠤᠯᠤᠰ ᠲᠤ ᠪᠠᠨ ᠡᠷᠭᠢᠵᠦ ᠣᠴᠢᠬᠤ ᠢᠢ ᠬᠦᠰᠡᠳᠡᠭ ᠴᠤ ᠲᠡᠨᠳᠡ ᠠᠵᠢᠯ ᠤᠨ ᠪᠠᠢᠢᠷᠢ ᠬᠠᠩ᠋ᠭᠠᠯᠲᠠ ᠦᠭᠡᠢ᠂ ᠴᠠᠯᠢᠩ ᠣᠷᠣᠯᠭ᠎ᠠ ᠮᠠᠭᠤ ᠪᠣᠯᠤᠨ ᠨᠡᠢᠢᠭᠡᠮ ᠤᠨ ᠬᠠᠯᠠᠮᠵᠢ ᠦᠢᠯᠡᠴᠢᠯᠡᠭᠡᠨ ᠦ ᠬᠦᠷᠲᠡᠭᠡᠮᠵᠢ᠂ ᠤᠯᠤᠰ ᠤᠨ ᠶᠡᠬᠡ ᠬᠤᠷᠠᠯ ᠤᠨ ᠰᠣᠩ᠋ᠭᠣᠭᠤᠯᠢ ᠳᠤ ᠰᠠᠨᠠᠯ᠎ ᠢᠢᠠᠨ ᠥᠭ᠍ᠬᠦ ᠪᠣᠯᠤᠮᠵᠢ᠂ ᠬᠦᠨᠡᠰᠦᠨ ᠦ ᠠᠶᠤᠯ ᠦᠭᠡᠢ ᠪᠠᠢᠢᠳᠠᠯ᠂ ᠠᠪᠯᠢᠭ᠎ᠠ ᠭᠡᠬᠦ ᠮᠡᠲᠦ ᠣᠯᠠᠨ ᠠᠰᠠᠭᠤᠳᠠᠯ ᠢᠶᠠᠷ ᠰᠠᠨᠠᠯ ᠪᠣᠳᠣᠯ ᠢᠶᠠᠨ ᠢᠯᠡᠷᠬᠡᠢᠢᠯᠡᠵᠦ᠂ ᠰᠣᠨᠢᠷᠬᠠᠭᠰᠠᠨ ᠠᠰᠠᠭᠤᠯᠲᠠ ᠳᠤ ᠪᠠᠨ ᠬᠠᠷᠢᠭᠤᠯᠲᠠ ᠠᠪᠤᠯ᠎ᠠ᠃ ᠲᠡᠳᠡ ᠮᠣᠩ᠋ᠭᠣᠯ ᠤᠯᠤᠰ ᠲᠤ ᠠᠮᠢᠳᠤᠷᠠᠬᠤ ᠣᠷᠴᠢᠨ ᠪᠠᠲᠤᠯᠠᠭ᠎ᠠ ᠦᠭᠡᠢ᠂ ᠰᠢᠳᠤᠷᠭᠤ ᠪᠤᠰᠤ ᠪᠠᠢᠢᠳᠠᠯ ᠭᠠᠵᠠᠷ ᠠᠪᠴᠤ᠂ ᠠᠪᠯᠢᠭ᠎ᠠ ᠶᠡᠬᠡ ᠪᠠᠢᠢᠭ᠎ᠠ ᠵᠡᠷᠭᠡ ᠳᠥ ᠶᠡᠬᠡᠬᠡᠨ ᠰᠠᠨᠠᠭ᠎ᠠ ᠵᠣᠪᠠᠵᠤ ᠪᠠᠢᠢᠭ᠎ᠠ ᠪᠠᠨ ᠢᠯᠡᠷᠬᠡᠢᠢᠯᠡᠭᠰᠡᠨ ᠶᠤᠮ᠃

 

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢᠨ ᠧᠦ᠋ᠷᠣᠫᠠ ᠢᠢᠨ ᠵᠠᠷᠢᠮ ᠬᠣᠲᠠ ᠳᠤ ᠰᠤᠷᠴᠤ᠂ ᠠᠵᠢᠯᠯᠠᠵᠤ᠂ ᠠᠮᠢᠳᠤᠷᠠᠵᠤ ᠪᠠᠢᠢᠭ᠎ᠠ ᠮᠣᠩ᠋ᠭᠣᠯᠴᠤᠳ ᠲᠠᠢ ᠬᠢᠭ᠍ᠰᠡᠨ ᠠᠭᠤᠯᠵᠠᠯᠲᠠ ᠳᠤ ᠭᠠᠳᠠᠭᠠᠳᠤ ᠬᠠᠷᠢᠯᠴᠠᠭᠠᠨ ᠤ ᠳᠡᠳ᠋ ᠰᠠᠢᠢᠳ ᠪ ∙ ᠪᠠᠲᠤᠴᠡᠴᠡᠭ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠵᠧᠨᠧᠸ ᠳ᠋ᠡᠬᠢ ᠲᠥᠪ ᠪᠣᠯᠤᠨ ᠣᠯᠠᠨ ᠤᠯᠤᠰ ᠤᠨ ᠪᠤᠰᠤᠳ ᠪᠠᠢᠢᠭᠤᠯᠤᠯᠭ᠎ᠠ ᠢᠢᠨ ᠳᠡᠷᠭᠡᠳᠡ ᠰᠠᠭᠤᠭ᠎ᠠ ᠪᠠᠢᠢᠩ᠋ᠭᠤ ᠢᠢᠨ ᠲᠥᠯᠥᠭᠡᠯᠡᠭᠴᠢ᠂ ᠮᠣᠩ᠋ᠭᠣᠯ ᠤᠯᠤᠰ ᠠᠴᠠ ᠱᠸᠧᠢᠼᠠᠷ ᠤᠨ ᠬᠣᠯᠪᠣᠭᠠᠨ ᠤ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠯ ∙ ᠫᠦᠷᠪᠦᠰᠦ᠋ᠷᠦᠩ ᠨᠠᠷ ᠣᠷᠣᠯᠴᠠᠯ᠎ᠠ᠃