Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠣᠯᠠᠨ ᠤᠯᠤᠰ ᠤᠨ ᠬᠤᠳᠠᠯᠳᠤᠭᠠᠨ ᠤ ᠲᠥᠪ ᠦᠨ ᠭᠦᠢᠴᠡᠳᠭᠡᠬᠦ ᠵᠠᠬᠢᠷᠤᠯ ᠬᠠᠲᠤᠭᠲᠠᠢ ᠠᠷᠠᠨ᠋ᠴᠠ ᠭᠣᠨ᠋ᠵᠠᠯᠧᠽ ᠲᠠᠢ ᠠᠭᠤᠯᠵᠠᠪᠠ

ᠱᠸᠧᠢᠼᠠᠷ ᠤᠨ ᠬᠣᠯᠪᠣᠭᠠᠨ ᠤ ᠤᠯᠤᠰ ᠤᠨ ᠵᠧᠨᠧᠸ ᠬᠣᠲᠠᠨ᠎ᠠ ᠳᠡᠯᠡᠬᠡᠢ ᠢᠢᠨ ᠬᠥᠷᠥᠩᠭᠡ ᠣᠷᠣᠭᠤᠯᠤᠯᠲᠠ ᠢᠢᠨ ᠴᠢᠭᠤᠯᠭᠠᠨ ᠳᠤ ᠣᠷᠣᠯᠴᠠᠵᠤ ᠪᠠᠢᠢᠭ᠎ᠠ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠲᠤᠰ ᠬᠣᠲᠠ ᠳᠤ ᠲᠥᠪ ᠲᠡᠢ ᠣᠯᠠᠨ ᠤᠯᠤᠰ ᠤᠨ ᠬᠤᠳᠠᠯᠳᠤᠭᠠᠨ ᠤ ᠲᠥᠪ ᠦᠨ ᠭᠦᠢᠴᠡᠳᠭᠡᠬᠦ ᠵᠠᠬᠢᠷᠤᠯ ᠬᠠᠲᠤᠭᠲᠠᠢ ᠠᠷᠠᠨ᠋ᠴᠠ ᠭᠣᠨ᠋ᠵᠠᠯᠧᠽ ᠲᠠᠢ ᠠᠭᠤᠯᠵᠠᠪᠠ᠃

 

ᠠᠭᠤᠯᠵᠠᠯᠲᠠ ᠢᠢᠨ ᠡᠬᠢᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠭᠠᠳᠠᠭᠠᠳᠤ ᠬᠤᠳᠠᠯᠳᠤᠭ᠎ᠠ᠂ ᠬᠤᠪᠢ ᠢᠢᠨ ᠬᠡᠪᠰᠢᠯ ᠢ ᠬᠥᠭ᠍ᠵᠢᠭᠦᠯᠬᠦ ᠴᠢᠭᠯᠡᠯ ᠳᠥ ᠰᠡᠭᠦᠯ ᠦᠨ 20 ᠭᠠᠷᠤᠢ ᠵᠢᠯ ᠣᠯᠠᠨ ᠤᠯᠤᠰ ᠤᠨ ᠬᠤᠳᠠᠯᠳᠤᠭᠠᠨ ᠤ ᠲᠥᠪ ᠮᠣᠩ᠋ᠭᠣᠯ ᠤᠯᠤᠰ ᠲᠤ ᠣᠯᠠᠨ ᠳᠡᠮᠵᠢᠯᠭᠡ ᠦᠵᠡᠭᠦᠯᠵᠦ ᠢᠷᠡᠭᠰᠡᠨ ᠢ ᠣᠨᠴᠠᠯᠠᠭᠠᠳ᠂ ᠬᠠᠲᠤᠭᠲᠠᠢ ᠠᠷᠠᠨ᠋ᠴᠠ ᠭᠣᠨ᠋ᠵᠠᠯᠧᠽ ᠪᠣᠯᠤᠨ ᠲᠤᠰ ᠪᠠᠢᠢᠭᠤᠯᠤᠯᠭ᠎ᠠ ᠢᠢᠨ ᠬᠠᠮᠲᠤ ᠣᠯᠠᠨ ᠳᠤ ᠲᠡᠭᠦᠪᠡᠷ ᠳᠠᠮᠵᠢᠭᠤᠯᠤᠨ ᠲᠠᠯᠠᠷᠬᠠᠯ ᠢᠯᠡᠷᠬᠡᠢᠢᠯᠡᠯ᠎ᠡ᠃

 

ᠣᠯᠠᠨ ᠤᠯᠤᠰ ᠤᠨ ᠬᠤᠳᠠᠯᠳᠤᠭᠠᠨ ᠤ ᠲᠥᠪ ᠍ ᠦᠨ ᠭᠦᠢᠴᠡᠳᠭᠡᠬᠦ ᠵᠠᠬᠢᠷᠤᠯ ᠬᠠᠲᠤᠭᠲᠠᠢ ᠠ᠊ ∙ ᠭᠣᠨ᠋ᠵᠠᠯᠧᠽ ᠮᠣᠩ᠋ᠭᠣᠯ ᠤᠯᠤᠰ ᠤᠨ ᠶᠡᠷᠦᠩᠬᠡᠢᠢᠯᠡᠭᠴᠢ ᠲᠡᠢ ᠠᠭᠤᠯᠵᠠᠵᠤ ᠪᠠᠢᠢᠭ᠎ᠠ ᠳᠤ ᠪᠠᠨ ᠪᠠᠶᠠᠷᠲᠠᠢ ᠪᠠᠢᠢᠭ᠎ᠠ ᠪᠠᠨ ᠢᠯᠡᠷᠬᠡᠢᠢᠯᠡᠨ᠂ ᠣᠯᠠᠨ ᠤᠯᠤᠰ ᠤᠨ ᠬᠤᠳᠠᠯᠳᠤᠭᠠᠨ ᠤ ᠲᠥᠪ ᠍ ᠦᠨ ᠮᠣᠩ᠋ᠭᠣᠯ ᠤᠯᠤᠰ ᠳᠠᠬᠢ ᠬᠠᠮᠲᠤ ᠢᠢᠨ ᠠᠵᠢᠯᠯᠠᠭ᠎ᠠ ᠢᠢ ᠢᠳᠡᠪᠬᠢᠵᠢᠭᠦᠯᠬᠦ᠂ ᠴᠢᠨᠠᠭᠰᠢᠳᠠ ᠪᠣᠯᠤᠮᠵᠢ ᠲᠠᠢ ᠪᠦᠬᠦᠢ ᠯᠠ ᠴᠢᠭᠯᠡᠯ ᠢᠶᠡᠷ ᠬᠠᠮᠲᠤᠷᠠᠨ ᠠᠵᠢᠯᠯᠠᠬᠤ ᠳᠤ ᠦᠷᠭᠦᠯᠵᠢ ᠨᠡᠭᠡᠭᠡᠯᠲᠡᠲᠡᠢ ᠭᠡᠳ ᠣᠯᠠᠨ ᠤᠯᠤᠰ ᠤᠨ ᠬᠤᠳᠠᠯᠳᠤᠭᠠᠨ ᠤ ᠲᠥᠪ᠂ ᠮᠣᠩ᠋ᠭᠣᠯ ᠤᠯᠤᠰ ᠤᠨ ᠡᠳ᠋ ᠍ ᠦᠨ ᠵᠠᠰᠠᠭ ᠤᠨ ᠬᠠᠷᠢᠯᠴᠠᠭᠠᠨ ᠤ ᠠᠰᠠᠭᠤᠳᠠᠯ ᠢᠶᠠᠷ ᠦᠷᠭᠦᠯᠵᠢᠯᠡᠭᠦᠯᠦᠨ ᠶᠠᠷᠢᠯᠴᠠᠪᠠ᠃

 

ᠮᠥᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ 2020 ᠣᠨ ᠤ 《ᠳᠡᠯᠡᠬᠡᠢ ᠢᠢᠨ ᠡᠺᠰᠫᠣᠷᠲ ᠢ ᠳᠡᠮᠵᠢᠬᠦ ᠹᠣᠷᠣᠢᠮ》 ᠍ ᠢᠢ ᠮᠣᠩ᠋ᠭᠣᠯ ᠤᠯᠤᠰ ᠵᠣᠬᠢᠶᠠᠨ ᠪᠠᠢᠢᠭᠤᠯᠬᠤ᠂ ᠵᠢᠵᠢᠭ᠂ ᠳᠤᠮᠳᠠ ᠦᠢᠯᠡᠳᠪᠦᠷᠢᠯᠡᠯ ᠦᠨ ᠥᠷᠢᠰᠦᠯᠳᠡᠬᠦ ᠴᠢᠳᠠᠪᠤᠷᠢ ᠢᠢ ᠰᠠᠢᠢᠵᠢᠷᠠᠭᠤᠯᠬᠤ ᠵᠠᠮ ᠢᠶᠠᠷ ᠪᠦᠲᠦᠭᠡᠭ᠍ᠳᠡᠬᠦᠨ ᠢ ᠣᠯᠠᠨ ᠤᠯᠤᠰ ᠤᠨ ᠵᠠᠬ᠎ᠠ ᠵᠡᠭᠡᠯᠢ ᠳᠥ ᠭᠠᠷᠭᠠᠬᠤ᠂ ᠡᠺᠰᠫᠣᠷᠲ ᠢ ᠲᠥᠷᠦᠯᠵᠢᠭᠦᠯᠬᠦ ᠳᠥ ᠲᠤᠰ ᠪᠠᠢᠢᠭᠤᠯᠤᠯᠭ᠎ᠠ ᠲᠠᠢ ᠬᠠᠮᠲᠤᠷᠠᠨ ᠠᠵᠢᠯᠯᠠᠬᠤ ᠰᠠᠨᠠᠯ᠎ ᠢᠢᠠᠨ ᠳᠡᠯᠭᠡᠷᠡᠩᠭᠦᠢ ᠲᠠᠨᠢᠯᠴᠠᠭᠤᠯᠪᠠ᠃ ᠮᠥᠨ ᠧᠦ᠋ᠷᠣᠫᠠ ᠢᠢᠨ ᠣᠷᠣᠨ ᠨᠤᠭᠤᠳ ᠤᠨ ᠲᠧᠭᠨᠣᠯᠣᠭᠢ ᠢᠢ ᠮᠣᠩ᠋ᠭᠣᠯ ᠳᠤ ᠨᠡᠪᠲᠡᠷᠡᠭᠦᠯᠬᠦ᠂ ᠲᠡᠷᠡ ᠳᠤᠮᠳᠠ ᠪᠠᠨ ᠬᠥᠳᠡᠭᠡ ᠠᠵᠤ ᠠᠬᠤᠢ ᠢᠢᠨ ᠭᠠᠷᠤᠯ ᠲᠠᠢ ᠲᠦᠭᠦᠬᠡᠢ ᠡᠳ᠋ ᠍ ᠢᠶᠡᠷ ᠪᠦᠲᠦᠭᠡᠭ᠍ᠳᠡᠬᠦᠨ ᠦᠢᠯᠡᠳᠪᠦᠷᠢᠯᠡᠨ ᠵᠡᠭᠦᠨ ᠠᠽᠢᠶ᠎ᠠ ᠪᠣᠯᠤᠨ ᠪᠤᠰᠤᠳ ᠵᠠᠬ᠎ᠠ ᠵᠡᠭᠡᠯᠢ ᠳᠥ ᠨᠡᠢᠢᠯᠡᠭᠦᠯᠬᠦ ᠪᠣᠯᠤᠮᠵᠢ ᠲᠠᠢ ᠢᠢ ᠲᠠᠨᠢᠯᠴᠠᠭᠤᠯᠵᠤ᠂ ᠡᠮᠡᠭᠲᠡᠢᠢᠴᠦᠳ ᠪᠣᠯᠤᠨ ᠵᠠᠯᠠᠭᠤᠴᠤᠳ ᠤᠨ ᠬᠥᠳᠡᠯᠮᠦᠷᠢ ᠡᠷᠬᠢᠯᠡᠯᠲᠡ᠂ ᠪᠢᠽᠢᠨ᠋᠋ᠧᠰ ᠢ ᠳᠡᠮᠵᠢᠬᠦ ᠳᠥ ᠴᠢᠬᠤᠯᠠ ᠠᠴᠢ ᠬᠣᠯᠪᠣᠭᠳᠠᠯ ᠪᠦᠬᠦᠢ ᠲᠤᠰ ᠪᠠᠢᠢᠭᠤᠯᠤᠯᠭ᠎ᠠ ᠢᠢᠨ 《ᠬᠤᠳᠠᠯᠳᠤᠭ᠎ᠠ ᠪᠠ ᠡᠮᠡᠭᠲᠡᠢᠢᠴᠦᠳ》 ᠰᠠᠨᠠᠭᠠᠴᠢᠯᠠᠭ᠎ᠠ᠂ 《ᠬᠤᠳᠠᠯᠳᠤᠭ᠎ᠠ ᠪᠠ ᠵᠠᠯᠠᠭᠤᠰ》 ᠬᠥᠲᠥᠯᠪᠦᠷᠢ ᠢᠢ ᠮᠣᠩ᠋ᠭᠣᠯ ᠤᠯᠤᠰ ᠲᠤ ᠬᠡᠷᠡᠭᠵᠢᠭᠦᠯᠬᠦ ᠠᠰᠠᠭᠤᠳᠠᠯ ᠢᠶᠠᠷ ᠰᠠᠨᠠᠯ ᠲᠠᠯᠪᠢᠵᠤ ᠶᠠᠷᠢᠯᠴᠠᠭᠰᠠᠨ ᠶᠤᠮ᠃

 

ᠠᠭᠤᠯᠵᠠᠯᠲᠠ ᠢᠢᠨ ᠲᠡᠭᠦᠰᠬᠡᠯ ᠳᠥ ᠣᠯᠠᠨ ᠤᠯᠤᠰ ᠤᠨ ᠬᠤᠳᠠᠯᠳᠤᠭᠠᠨ ᠤ ᠲᠥᠪ ᠦᠨ ᠭᠦᠢᠴᠡᠳᠭᠡᠬᠦ ᠵᠠᠬᠢᠷᠤᠯ ᠬᠠᠲᠤᠭᠲᠠᠢ ᠠᠷᠠᠨ᠋ᠴᠠ ᠭᠣᠨ᠋ᠵᠠᠯᠧᠽ ᠤᠳᠤᠬᠤ ᠦᠭᠡᠢ ᠮᠣᠩ᠋ᠭᠣᠯ ᠤᠯᠤᠰ ᠲᠤ ᠠᠢᠢᠯᠴᠢᠯᠠᠬᠤ ᠭᠡᠵᠦ ᠪᠠᠢᠢᠭ᠎ᠠ ᠲᠠᠯ᠎ᠠ ᠪᠠᠷ ᠢᠶᠠᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠲᠠᠨᠢᠯᠴᠠᠭᠤᠯᠵᠤ᠂ 2020 ᠣᠨ ᠳᠤ ᠪᠣᠯᠬᠤ 《ᠳᠡᠯᠡᠬᠡᠢ ᠢᠢᠨ ᠡᠺᠰᠫᠣᠷᠲ ᠢ ᠳᠡᠮᠵᠢᠬᠦ ᠹᠣᠷᠣᠢᠮ》 ᠍ ᠢᠢ ᠮᠣᠩ᠋ᠭᠣᠯ ᠤᠯᠤᠰ ᠲᠤ ᠵᠣᠬᠢᠶᠠᠨ ᠪᠠᠢᠢᠭᠤᠯᠬᠤ ᠰᠠᠨᠠᠯ ᠢ ᠨᠠᠢᠢᠷᠰᠠᠭ ᠢᠶᠠᠷ ᠬᠦᠯᠢᠶᠡᠨ ᠠᠪᠴᠤ ᠪᠠᠢᠢᠭ᠎ᠠ ᠪᠠᠨ ᠢᠯᠡᠷᠬᠡᠢᠢᠯᠡᠯ᠎ᠡ᠃

 

ᠣᠯᠠᠨ ᠤᠯᠤᠰ ᠤᠨ ᠬᠤᠳᠠᠯᠳᠤᠭᠠᠨ ᠤ ᠲᠥᠪ ᠨᠢ ᠬᠥᠭ᠍ᠵᠢᠵᠦ ᠪᠤᠢ ᠪᠣᠯᠤᠨ ᠰᠢᠯᠵᠢᠯᠲᠡ ᠢᠢᠨ ᠡᠳ᠋ ᠍ ᠦᠨ ᠵᠠᠰᠠᠭ ᠲᠠᠢ ᠣᠷᠣᠨ ᠨᠤᠭᠤᠳ ᠤᠨ ᠲᠥᠷᠥ᠂ ᠬᠤᠪᠢ ᠢᠢᠨ ᠬᠡᠪᠰᠢᠯ ᠦᠨ ᠭᠠᠳᠠᠭᠠᠳᠤ ᠬᠤᠳᠠᠯᠳᠤᠭᠠᠨ ᠤ ᠴᠢᠳᠠᠪᠬᠢ ᠢᠢ ᠳᠡᠮᠵᠢᠬᠦ ᠵᠣᠷᠢᠯᠭ᠎ᠠ ᠪᠠᠷ 1964 ᠣᠨ ᠳᠤ ᠪᠠᠢᠢᠭᠤᠯᠤᠭᠳᠠᠭᠰᠠᠨ᠃ ᠡᠷᠬᠡ ᠵᠦᠢ ᠢᠢᠨ ᠰᠲ᠋ᠠᠲ᠋ᠦ᠋ᠰ ᠤᠨ ᠬᠤᠪᠢ ᠳᠤ ᠣᠯᠠᠨ ᠤᠯᠤᠰ ᠤᠨ ᠬᠤᠳᠠᠯᠳᠤᠭᠠᠨ ᠤ ᠲᠥᠪ ᠨᠢ ᠳᠡᠯᠡᠬᠡᠢ ᠢᠢᠨ ᠬᠤᠳᠠᠯᠳᠤᠭᠠᠨ ᠤ ᠪᠠᠢᠢᠭᠤᠯᠤᠯᠭ᠎ᠠ ᠪᠣᠯᠤᠨ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠬᠤᠳᠠᠯᠳᠤᠭ᠎ᠠ᠂ ᠬᠥᠭ᠍ᠵᠢᠯ ᠦᠨ ᠪᠠᠭ᠎ᠠ ᠬᠤᠷᠠᠯ ᠤᠨ ᠳᠤᠮᠳᠠ ᠢᠢᠨ ᠠᠭᠧᠨ᠋ᠲ᠋ᠯᠢᠭ ᠶᠤᠮ᠃ ᠮᠣᠩ᠋ᠭᠣᠯ ᠤᠯᠤᠰ᠂ ᠣᠯᠠᠨ ᠤᠯᠤᠰ ᠤᠨ ᠬᠤᠳᠠᠯᠳᠤᠭᠠᠨ ᠤ ᠲᠥᠪ ᠲᠡᠢ ᠬᠠᠮᠲᠤᠷᠠᠨ ᠮᠣᠩ᠋ᠭᠣᠯ ᠤᠯᠤᠰ ᠤᠨ ᠡᠺᠰᠫᠣᠷᠲ ᠬᠤᠳᠠᠯᠳᠤᠭᠠᠨ ᠤ ᠰᠲ᠋ᠷᠠᠲ᠋ᠧᠭᠢ ᠲᠥᠰᠥᠯ ᠢ 2018 ᠣᠨ ᠤ ᠲᠠᠪᠤᠳᠤᠭᠠᠷ ᠰᠠᠷ᠎ᠠ ᠠᠴᠠ ᠡᠬᠢᠯᠡᠨ ᠬᠡᠷᠡᠭᠵᠢᠭᠦᠯᠵᠦ ᠪᠠᠢᠢᠭ᠎ᠠ ᠶᠤᠮ᠃ ᠣᠳᠣ ᠪᠠᠷ ᠲᠥᠰᠥᠯ ᠦᠨ ᠨᠢᠭᠡᠳᠦᠭᠡᠷ ᠦᠶ᠎ᠡ ᠱᠠᠲᠤ ᠪᠤᠶᠤ ᠮᠣᠩ᠋ᠭᠣᠯ ᠤᠯᠤᠰ ᠤᠨ ᠬᠤᠳᠠᠯᠳᠤᠭ᠎ᠠ᠂ ᠬᠥᠷᠥᠩᠭᠡ ᠣᠷᠣᠭᠤᠯᠤᠯᠲᠠ ᠢᠢᠨ 《ᠵᠠᠮ ᠤᠨ ᠵᠢᠷᠤᠭ ᠢ》 ᠪᠣᠯᠪᠠᠰᠤᠷᠠᠭᠤᠯᠬᠤ ᠠᠵᠢᠯ ᠡᠬᠢᠯᠡᠭᠰᠡᠨ ᠪᠠᠢᠢᠨ᠎ᠠ᠃