Та "Internet explorer"-ийн сүүлийн хувилбар болох "Microsoft edge"-г ашиглана уу

Хэрэв "Microsoft edge"-г татах бол энд дарж татаж авна уу

ᠳᠡᠯᠡᠬᠡᠢ ᠶᠢᠨ ᠣᠶᠤᠨ ᠤ ᠥᠮᠴᠢ ᠶᠢᠨ ᠪᠠᠶᠢᠭᠤᠯᠤᠯᠭ᠎ᠠ ᠤᠲᠤᠭ᠎ᠠ ᠦᠭᠡᠢ ᠵᠤᠤᠬ᠎ᠠ᠂ ᠶᠠᠨᠳᠠᠩ ᠤᠨ ᠫᠠᠲ᠋ᠧᠨᠲ ᠤᠨ ᠲᠠᠯ᠎ᠠ ᠪᠠᠷ ᠯᠠᠪᠯᠠᠭ᠎ᠠ ᠥᠭᠭᠦᠨ᠎ᠡ

ᠮᠣᠩ᠋ᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ᠂ ᠳᠡᠯᠡᠬᠡᠢ ᠶᠢᠨ ᠣᠶᠤᠨ ᠤ ᠥᠮᠴᠢ ᠶᠢᠨ ᠪᠠᠶᠢᠭᠤᠯᠤᠯᠭ᠎ᠠ ᠶᠢᠨ ᠵᠠᠬᠢᠷᠤᠯ ᠹᠷᠧᠨ᠋ᠰᠢᠰ ᠭᠠᠷᠷᠢ ᠨᠠᠷ ᠥᠴᠦᠭᠡᠳᠦᠷ ᠱᠸᠧᠢᠼᠠᠷ ᠤᠨ ᠬᠣᠯᠪᠣᠭᠠᠨ ᠤ ᠤᠯᠤᠰ ᠤᠨ ᠵᠧᠨᠧᠸ ᠬᠣᠲᠠᠨ᠎ᠠ ᠠᠭᠤᠯᠵᠠᠯ᠎ᠠ᠃

 

ᠮᠣᠩ᠋ᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠳᠡᠯᠡᠬᠡᠢ ᠶᠢᠨ ᠣᠶᠤᠨ ᠤ ᠥᠮᠴᠢ ᠶᠢᠨ ᠪᠠᠶᠢᠭᠤᠯᠤᠯᠭ᠎ᠠ ᠲᠠᠢ ᠬᠠᠮᠲᠤᠷᠠᠨ ᠠᠵᠢᠯᠯᠠᠵᠤ ᠢᠷᠡᠭᠰᠡᠨ ᠦᠷ᠎ᠡ ᠳ᠋ᠦᠩ ᠳᠥ ᠰᠡᠳᠬᠢᠯ ᠬᠠᠩ᠋ᠭᠠᠯᠤᠭᠤᠨ ᠪᠠᠶᠢᠭ᠎ᠠ ᠪᠠᠨ ᠢᠯᠡᠷᠬᠡᠶᠢᠯᠡᠵᠦ᠂ ᠴᠢᠨᠠᠭᠰᠢᠳᠠ ᠬᠠᠮᠲᠤ ᠶᠢᠨ ᠠᠵᠢᠯᠯᠠᠭ᠎ᠠ ᠶᠢ ᠪᠠᠨ ᠦᠷᠭᠦᠯᠵᠢᠯᠡᠭᠦᠯᠬᠦ ᠴᠢᠭᠯᠡᠯ ᠢᠶᠡᠷ ᠶᠠᠷᠢᠯᠴᠠᠯ᠎ᠠ᠃ ᠮᠥᠨ ᠵᠢᠵᠢᠭ ᠳᠤᠮᠳᠠ ᠦᠢᠯᠡᠳᠪᠦᠷᠢ ᠳᠥ ᠲᠧᠭᠨᠣᠯᠣᠭᠢ ᠨᠡᠪᠲᠡᠷᠡᠭᠦᠯᠬᠦ ᠳᠥ ᠱᠠᠭᠠᠷᠳᠠᠯᠭ᠎ᠠ ᠲᠠᠢ ᠮᠡᠳᠡᠭᠡᠯᠡᠯ ᠠᠪᠬᠤ᠂ ᠵᠠᠯᠠᠭᠤᠴᠤᠳ ᠤᠨ ᠰᠠᠨᠠᠭᠠᠴᠢᠯᠠᠭ᠎ᠠ᠂ ᠢᠨ᠋ᠨᠣᠸᠠᠼᠢ ᠢᠢ ᠬᠡᠷᠬᠢᠨ ᠳᠡᠮᠵᠢᠬᠦ᠂ ᠳᠡᠯᠡᠬᠡᠢ ᠶᠢᠨ ᠬᠡᠮᠵᠢᠶᠡᠨ ᠳᠥ ᠫᠠᠲ᠋ᠧᠨ᠋ᠲ ᠠᠪᠤᠭᠰᠠᠨ ᠢᠵᠢᠯ ᠲᠥᠷᠦᠯ ᠦᠨ ᠢᠨ᠋ᠨᠣᠸᠠᠼᠢ ᠪᠠᠶᠢᠭ᠎ᠠ ᠡᠰᠡᠬᠦ ᠶᠢ ᠴᠠᠭ ᠠᠯᠠᠳᠠᠯ ᠦᠭᠡᠢ ᠮᠡᠳᠡᠬᠦ ᠬᠦᠰᠡᠯᠳᠡ ᠲᠠᠯᠪᠢᠪᠠ᠃ ᠮᠣᠩ᠋ᠭᠣᠯ ᠤᠯᠤᠰ ᠲᠤ ᠰᠡᠭᠦᠯ ᠦᠨ ᠬᠡᠳᠦᠨ ᠵᠢᠯ ᠤᠲᠤᠭ᠎ᠠ ᠦᠭᠡᠢ ᠵᠤᠤᠬ᠎ᠠ ᠵᠠᠰᠠᠭ ᠤᠨ ᠭᠠᠵᠠᠷ ᠲᠤ ᠶᠡᠬᠡ ᠬᠡᠮᠵᠢᠶ᠎ᠡ ᠪᠡᠷ ᠨᠡᠶᠢᠯᠡᠭᠦᠯᠦᠭᠰᠡᠨ᠂ ᠣᠳᠣ ᠤᠲᠠᠭ᠎ᠠ ᠰᠢᠭᠦᠳᠡᠭ ᠶᠠᠨᠳᠠᠩ ᠨᠡᠶᠢᠯᠡᠭᠦᠯᠬᠦ ᠲᠤᠬᠠᠢ ᠶᠠᠷᠢᠭᠳᠠᠵᠤ ᠪᠠᠶᠢᠨ᠎ᠠ᠃ ᠡᠨᠡ ᠮᠡᠲᠦ ᠪᠦᠲᠦᠭᠡᠭ᠍ᠳᠡᠬᠦᠨ ᠢ ᠣᠯᠠᠨ ᠤᠯᠤᠰ ᠲᠤ ᠦᠷ᠎ᠡ ᠳ᠋ᠦᠩ ᠢ ᠨᠢ ᠨᠣᠲᠠᠯᠠᠵᠤ ᠫᠠᠲ᠋ᠧᠨ᠋ᠲ ᠠᠪᠤᠭᠰᠠᠨ ᠲᠣᠬᠢᠶᠠᠯᠳᠤᠯ ᠪᠠᠶᠢᠳᠠᠭ ᠡᠰᠡᠬᠦ ᠶᠢ ᠮᠡᠳᠡᠬᠦ ᠬᠦᠰᠡᠯ ᠲᠡᠢ ᠪᠠᠶᠢᠭ᠎ᠠ ᠪᠠᠨ ᠮᠥᠨ ᠢᠯᠡᠷᠬᠡᠶᠢᠯᠡᠯ᠎ᠡ᠃

 

ᠳᠡᠯᠡᠬᠡᠢ ᠶᠢᠨ ᠣᠶᠤᠨ ᠤ ᠥᠮᠴᠢ ᠶᠢᠨ ᠪᠠᠶᠢᠭᠤᠯᠤᠯᠭ᠎ᠠ ᠶᠢᠨ ᠵᠠᠬᠢᠷᠤᠯ ᠹᠷᠧᠨ᠋ᠰᠢᠰ ᠭᠠᠷᠷᠢ ᠮᠣᠩ᠋ᠭᠣᠯ ᠤᠯᠤᠰ ᠲᠠᠢ ᠪᠦᠬᠦᠢ ᠯᠠ ᠲᠠᠯ᠎ᠠ ᠪᠠᠷ ᠬᠠᠮᠲᠤᠷᠠᠵᠤ ᠠᠵᠢᠯᠯᠠᠬᠤ ᠳᠤ ᠪᠠᠨ ᠲᠠᠭᠠᠯᠠᠮᠵᠢᠲᠠᠢ ᠪᠠᠶᠢᠨ᠎ᠠ ᠭᠡᠳᠡᠭ ᠢᠶᠡᠨ ᠢᠯᠡᠷᠬᠡᠶᠢᠯᠡᠭᠡᠳ ᠲᠤᠰ ᠪᠠᠶᠢᠭᠤᠯᠤᠯᠭ᠎ᠠ ᠶᠢᠨ ᠮᠡᠳᠡᠭᠡᠯᠡᠯ ᠦᠨ ᠰᠠᠩ ᠠᠴᠠ ᠳᠡᠯᠡᠬᠡᠢ ᠶᠢᠨ ᠬᠡᠮᠵᠢᠶᠡᠨ ᠳᠥ ᠶᠠᠮᠠᠷ ᠢᠨ᠋ᠨᠣᠸᠠᠼᠢ ᠫᠠᠲ᠋ᠧᠨ᠋ᠲ ᠠᠪᠤᠭᠰᠠᠨ ᠡᠰᠡᠬᠦ ᠪᠣᠯᠤᠨ ᠫᠠᠲ᠋ᠧᠨ᠋ᠲ ᠠᠪᠬᠤ ᠬᠦᠰᠡᠯᠲᠡ ᠨᠢ ᠶᠠᠮᠠᠷ ᠱᠠᠲᠤᠨ ᠳᠤ ᠶᠠᠪᠤᠭ᠎ᠠ ᠶᠢ ᠬᠡᠷᠬᠢᠨ ᠮᠡᠳᠡᠬᠦ ᠲᠤᠬᠠᠢ ᠰᠤᠷᠭᠠᠯᠲᠠ᠂ ᠣᠶᠤᠨ ᠤ ᠥᠮᠴᠢ ᠶᠢᠨ ᠪᠦᠲᠦᠭᠡᠯ ᠢ ᠡᠳ᠋ ᠍ ᠦᠨ ᠵᠠᠰᠠᠭ ᠤᠨ ᠡᠷᠭᠢᠯᠲᠡ ᠳᠥ ᠤᠷᠤᠭᠤᠯᠬᠤ ᠲᠤᠬᠠᠢ ᠰᠤᠷᠭᠠᠯᠲᠠ ᠶᠢ ᠮᠣᠩ᠋ᠭᠣᠯ ᠤᠯᠤᠰ ᠲᠤ ᠶᠠᠪᠤᠭᠤᠯᠬᠤ ᠪᠠᠷ ᠪᠣᠯᠪᠠ᠃ ᠮᠥᠨ ᠮᠣᠩ᠋ᠭᠣᠯ ᠤᠯᠤᠰ ᠤᠨ ᠣᠶᠤᠨ ᠤ ᠥᠮᠴᠢ ᠶᠢᠨ ᠭᠠᠵᠠᠷ ᠲᠠᠢ ᠬᠠᠮᠲᠤᠷᠠᠨ ᠬᠡᠷᠡᠭᠵᠢᠭᠦᠯᠦᠭᠰᠡᠨ ᠮᠣᠩ᠋ᠭᠣᠯ ᠤᠯᠤᠰ ᠲᠤ ᠣᠶᠤᠨ ᠤ ᠥᠮᠴᠢ ᠶᠢᠨ ᠪᠦᠲᠦᠭᠡᠯ ᠦᠨ ᠪᠦᠷᠢᠳᠬᠡᠯ ᠢ ᠠᠦ᠋ᠲ᠋ᠣᠮᠠᠲ᠋ᠵᠢᠭᠤᠯᠤᠭᠰᠠᠨ ᠵᠡᠷᠭᠡ ᠦᠷ᠎ᠡ ᠳ᠋ᠦᠩ ᠲᠡᠢ ᠠᠵᠢᠯ ᠳᠤ ᠪᠠᠨ ᠰᠡᠳᠬᠢᠯ ᠬᠠᠩ᠋ᠭᠠᠯᠤᠭᠤᠨ ᠪᠠᠶᠢᠭ᠎ᠠ ᠪᠠᠨ ᠢᠯᠡᠷᠬᠡᠶᠢᠯᠡᠯ᠎ᠡ᠃

 

ᠠᠭᠤᠯᠵᠠᠯᠲᠠ ᠶᠢᠨ ᠳᠠᠷᠠᠭ᠎ᠠ ᠮᠣᠩ᠋ᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠳᠡᠯᠡᠬᠡᠢ ᠶᠢᠨ ᠣᠶᠤᠨ ᠤ ᠥᠮᠴᠢ ᠶᠢᠨ ᠪᠠᠶᠢᠭᠤᠯᠤᠯᠭ᠎ᠠ ᠶᠢᠨ ᠦᠢᠯᠡ ᠠᠵᠢᠯᠯᠠᠭ᠎ᠠ ᠲᠠᠢ ᠲᠠᠨᠢᠯᠴᠠᠵᠤ᠂ ᠮᠣᠩ᠋ᠭᠣᠯ ᠤᠯᠤᠰ ᠲᠠᠢ ᠬᠣᠯᠪᠣᠭᠳᠠᠬᠤ ᠵᠠᠷᠢᠮ ᠮᠡᠳᠡᠭᠡᠯᠡᠯ ᠢ ᠰᠣᠨᠢᠷᠬᠠᠭᠰᠠᠨ ᠶᠤᠮ᠃

 

ᠳᠡᠯᠡᠬᠡᠢ ᠶᠢᠨ ᠣᠶᠤᠨ ᠤ ᠥᠮᠴᠢ ᠶᠢᠨ ᠪᠠᠶᠢᠭᠤᠯᠤᠯᠭ᠎ᠠ ᠨᠢ ᠣᠶᠤᠨ ᠤ ᠥᠮᠴᠢ ᠨᠢ ᠡᠳ᠋ ᠍ ᠦᠨ ᠵᠠᠰᠠᠭ ᠢ ᠤᠷᠤᠭᠰᠢᠯᠠᠭᠤᠯᠤᠭᠴᠢ ᠬᠦᠴᠦᠷᠬᠡᠭ᠌ ᠬᠡᠷᠡᠭᠯᠡᠭᠦᠷ ᠭᠡᠵᠦ ᠦᠵᠡᠳᠡᠭ ᠲᠤᠬᠠᠢ ᠶᠢ ᠪᠠᠨ ᠬᠡᠯᠡᠵᠦ᠂ ᠳᠡᠯᠡᠬᠡᠢ ᠶᠢᠨ ᠢᠨ᠋ᠨᠣᠸᠠᠼᠢ ᠢᠢᠨ ᠢᠨ᠋ᠳᠧᠺᠰ ᠦᠨ ᠲᠠᠶᠢᠯᠤᠨ ᠳᠤ ᠮᠣᠩ᠋ᠭᠣᠯ ᠤᠯᠤᠰ 126 ᠣᠷᠣᠨ ᠠᠴᠠ ᠰᠠᠭᠤᠷᠢ 80 ᠦᠵᠡᠭᠦᠯᠦᠯᠲᠡ ᠶᠢᠨ ᠳ᠋ᠦᠩ ᠢᠢᠡᠷ 53 ᠳ᠋ᠤᠭᠠᠷ ᠲᠤ ᠣᠷᠣᠭᠰᠠᠨ ᠲᠠᠯ᠎ᠠ ᠪᠠᠷ ᠲᠠᠨᠢᠯᠴᠠᠭᠤᠯᠤᠭᠰᠠᠨ ᠶᠤᠮ᠃