ᠮᠣᠩ᠌ᠭᠣᠯ ᠤᠯᠤᠰ ᠤᠨ ᠶᠡᠷᠦᠩᠬᠡᠶᠢᠯᠡᠭᠴᠢ 2012 ᠣᠨ ᠤ 1 ᠳᠦᠭᠡᠷ ᠰᠠᠷ᠎ᠠ ᠶᠢᠨ 9 ᠍ ᠦ ᠡᠳᠦᠷ ᠵᠠᠷᠯᠢᠭ ᠭᠠᠷᠭᠠᠵᠤ᠄
ᠡᠵᠡᠨ ᠪᠣᠭᠳᠠ ᠴᠢᠩᠭᠢᠰ ᠬᠠᠭᠠᠨ-ᠲᠡᠮᠦᠵᠢᠨ ᠦ ᠮᠡᠨᠳᠦᠯᠡᠭᠰᠡᠨ ᠣᠩᠨᠠᠭ᠎ᠠ ᠶᠢ ᠠᠯᠪᠠᠨ ᠶᠣᠰᠣᠨ ᠤ ᠪᠣᠯᠭᠠᠵᠤ᠂ ᠶᠣᠰᠣᠴᠢᠯᠠᠬᠤ ᠰᠠᠨᠠᠯ ᠳ᠋ᠦᠩᠨᠡᠯᠲᠡ ᠭᠠᠷᠭᠠᠬᠤ ᠠᠵᠢᠯ ᠤᠨ ᠬᠡᠰᠡᠭ ᠦᠨ ᠳ᠋ᠦᠩᠨᠡᠯᠲᠡ ᠪᠣᠯᠤᠨ ᠮᠣᠩ᠌ᠭᠣᠯ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ ᠠᠴᠠ ᠡᠷᠭᠦᠨ ᠪᠠᠷᠢᠭᠰᠠᠨ ᠰᠠᠨᠠᠯ ᠢ ᠦᠨᠳᠦᠰᠦᠯᠡᠨ ᠴᠢᠩᠭᠢᠰ ᠬᠠᠭᠠᠨ-ᠲᠡᠮᠦᠵᠢᠨ ᠦ ᠮᠡᠨᠳᠦᠯᠡᠭᠰᠡᠨ ᠣᠩᠨᠠᠭ᠎ᠠ ᠶᠢ ᠪᠢᠯᠢᠭ᠌ ᠦᠨ ᠲᠣᠭᠠᠯᠠᠯ ᠤᠨ ᠭᠤᠷᠪᠠᠳᠤᠭᠠᠷ ᠵᠢᠷᠠᠨ ᠤ ᠬᠠᠷ᠎ᠠ ᠮᠣᠷᠢᠨ ᠵᠢᠯ ᠪᠤᠶᠤ 1162 ᠣᠨ ᠤ ᠡᠪᠦᠯ ᠦᠨ ᠲᠡᠷᠢᠭᠦᠨ ᠰᠠᠷ᠎ᠠ ᠶᠢᠨ ᠰᠢᠨ᠎ᠡ ᠶᠢᠨ ᠨᠢᠭᠡᠨ ᠦ ᠡᠳᠦᠷ ᠬᠡᠮᠡᠨ ᠦᠵᠡᠰᠦᠭᠡᠢ ᠭᠡᠰᠡᠨ ᠪᠠᠶᠢᠳᠠᠭ᠃
ᠮᠥᠨ ᠶᠡᠬᠡ ᠬᠠᠭᠠᠨ ᠤ ᠮᠡᠨᠳᠦᠯᠡᠭᠰᠡᠨ ᠡᠳᠦᠷ ᠢ 《ᠮᠣᠩ᠌ᠭᠣᠯ ᠪᠠᠬᠠᠷᠬᠠᠯ ᠤᠨ ᠡᠳᠦᠷ》 ᠭᠡᠵᠦ ᠨᠡᠷᠡᠶᠢᠳᠴᠦ ᠪᠦᠬᠦ ᠨᠡᠶᠢᠲᠡ ᠪᠡᠷ ᠶᠣᠰᠣᠯᠠᠨ ᠲᠡᠮᠳᠡᠭᠯᠡᠵᠦ ᠪᠠᠶᠢᠰᠤᠭᠠᠢ ᠬᠡᠮᠡᠨ ᠵᠠᠷᠯᠢᠭ ᠪᠠᠭᠤᠯᠭᠠᠭᠰᠠᠨ ᠶᠤᠮ᠃
ᠳᠡᠭᠡᠷᠡᠬᠢ ᠵᠠᠷᠯᠢᠭ ᠤᠨ ᠳᠠᠭᠠᠭᠤ ᠡᠪᠦᠯ ᠦᠨ ᠲᠡᠷᠢᠭᠦᠨ ᠰᠠᠷ᠎ᠠ ᠶᠢᠨ ᠰᠢᠨ᠎ᠡ ᠶᠢᠨ ᠨᠢᠭᠡᠨ ᠨᠢ ᠪᠢᠯᠢᠭ᠌ ᠦᠨ ᠲᠣᠭᠠᠯᠠᠯ ᠤᠴᠢᠷ ᠠᠷᠭ᠎ᠠ ᠶᠢᠨ ᠲᠣᠭᠠᠯᠠᠯ ᠲᠠᠢ ᠨᠡᠶᠢᠴᠡᠭᠦᠯᠦᠨ ᠲᠡᠮᠳᠡᠭᠯᠡᠬᠦ ᠳᠥ 《ᠮᠣᠩ᠌ᠭᠣᠯ ᠪᠠᠬᠠᠷᠬᠠᠯ ᠤᠨ ᠡᠳᠦᠷ》 ᠨᠢ ᠵᠢᠯ ᠪᠦᠷᠢ ᠥᠭᠡᠷ᠎ᠡ᠂ ᠥᠭᠡᠷ᠎ᠡ ᠲᠣᠬᠢᠶᠠᠵᠤ ᠪᠠᠶᠢᠭ᠎ᠠ ᠪᠥᠭᠡᠳ ᠥᠨᠥ ᠵᠢᠯ ᠦᠨ 《ᠮᠣᠩ᠌ᠭᠣᠯ ᠪᠠᠬᠠᠷᠬᠠᠯ ᠤᠨ ᠡᠳᠦᠷ》 ᠥᠨᠥᠳᠥᠷ ᠪᠣᠯᠵᠤ ᠪᠠᠶᠢᠨ᠎ᠠ᠃
ᠡᠶᠢᠨ ᠬᠦ ᠶᠡᠬᠡ ᠬᠦᠮᠦᠨ ᠦ ᠮᠡᠯᠮᠡᠢ ᠭᠡᠶᠢᠭᠰᠡᠨ ᠦ 856 ᠵᠢᠯ ᠦᠨ ᠣᠢ-ᠮᠣᠩ᠌ᠭᠣᠯ ᠪᠠᠬᠠᠷᠬᠠᠯ ᠤᠨ ᠡᠳᠦᠷ ᠢ ᠲᠣᠬᠢᠶᠠᠯᠳᠤᠭᠤᠯᠤᠨ ᠮᠣᠩ᠌ᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠥᠨᠥᠳᠥᠷ ᠶᠡᠬᠡ ᠡᠵᠡᠨ ᠴᠢᠩᠭᠢᠰ ᠬᠠᠭᠠᠨ ᠤ ᠬᠥᠰᠢᠶᠡᠨ ᠳᠥ ᠬᠦᠨᠳᠦᠳᠬᠡᠯ ᠦᠵᠡᠭᠦᠯᠦᠯ᠎ᠡ᠃
ᠬᠦᠨᠳᠦᠳᠬᠡᠯ ᠦᠨ ᠶᠣᠰᠣᠯᠠᠯ ᠳᠤ ᠮᠣᠩ᠌ᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠮ ∙ ᠡᠩᠬᠡᠪᠣᠯᠤᠳ᠂ ᠶᠡᠷᠦᠩᠬᠡᠢ ᠰᠠᠶᠢᠳ ᠤ᠊ ∙ ᠬᠦᠷᠦᠯᠰᠦ᠋ᠬᠡ ᠪᠣᠯᠤᠨ 《ᠴᠢᠩᠭᠢᠰ ᠬᠠᠭᠠᠨ》 ᠣᠳᠣᠨᠳᠤ ᠡᠷᠬᠢᠮ ᠦᠳ᠂ ᠶᠣᠰᠣᠯᠠᠯ ᠤᠨ ᠠᠷᠭ᠎ᠠ ᠬᠡᠮᠵᠢᠶᠡᠨ ᠳᠥ ᠤᠷᠢᠭᠳᠠᠭᠰᠠᠨ ᠬᠦᠨᠳᠦᠲᠦ ᠵᠣᠴᠢᠳ ᠣᠷᠣᠯᠴᠠᠨ ᠬᠦᠨᠳᠦᠳᠬᠡᠯ ᠦᠵᠡᠭᠦᠯᠪᠡ᠃
ᠥᠨᠥᠳᠥᠷ 14᠄00 ᠴᠠᠭ ᠠᠴᠠ ᠶᠡᠬᠡ ᠡᠵᠡᠨ ᠴᠢᠩᠭᠢᠰ ᠬᠠᠭᠠᠨ-ᠲᠡᠮᠦᠵᠢᠨ ᠦ ᠮᠡᠨᠳᠦᠯᠡᠭᠰᠡᠨ ᠦ 856 ᠵᠢᠯ ᠦᠨ ᠣᠢ᠂ ᠮᠣᠩ᠌ᠭᠣᠯ ᠪᠠᠬᠠᠷᠬᠠᠯ ᠤᠨ ᠡᠳᠦᠷ ᠲᠥ ᠵᠣᠷᠢᠭᠤᠯᠤᠭᠰᠠᠨ ᠤᠯᠤᠰ᠂ ᠠᠶᠢᠮᠠᠭ ᠤᠨ ᠠᠯᠳᠠᠷ᠂ ᠴᠣᠯᠠ ᠲᠠᠢ ᠥᠨᠳᠦᠷ ᠴᠢᠨᠰᠠᠭ᠎ᠠ ᠲᠠᠢ ᠬᠦᠴᠦᠲᠦ 128 ᠪᠥᠬᠡ ᠶᠢᠨ ᠪᠠᠷᠢᠯᠳᠤᠭᠠᠨ 《ᠪᠤᠶᠠᠨᠲᠤ-ᠬᠤᠸᠠ》 ᠰᠫᠣᠷᠲ ᠴᠣᠭᠴᠠᠯᠠᠪᠤᠷᠢ ᠳᠤ ᠪᠣᠯᠤᠨ᠎ᠠ᠃ ᠡᠨᠡ ᠦᠶ᠎ᠡ ᠪᠡᠷ ᠮᠣᠩ᠌ᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠠᠷᠠᠳ ᠲᠦᠮᠡᠨ ᠳᠥ ᠪᠡᠨ ᠬᠠᠨᠳᠤᠨ ᠦᠭᠡ ᠬᠡᠯᠡᠨ᠎ᠡ᠃