Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠧᠦ᠋ᠷᠣᠫᠠ ᠶᠢᠨ ᠬᠣᠯᠪᠣᠭᠠᠨ ᠤ ᠣᠯᠠᠨ ᠤᠯᠤᠰ ᠤᠨ ᠬᠠᠮᠲᠤ ᠶᠢᠨ ᠠᠵᠢᠯᠯᠠᠭ᠎ᠠ᠂ ᠬᠥᠭᠵᠢᠯ ᠦᠨ ᠠᠰᠠᠭᠤᠳᠠᠯ ᠬᠠᠷᠢᠭᠤᠴᠠᠭᠰᠠᠨ ᠺᠣᠮᠢᠰᠰᠠᠷ ᠨᠸᠧᠧᠨ ᠮᠢᠮᠢᠼᠠ ᠢᠢ ᠬᠦᠯᠢᠶᠡᠨ ᠠᠪᠴᠤ ᠠᠭᠤᠯᠵᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠧᠦ᠋ᠷᠣᠫᠠ ᠢᠢᠨ ᠬᠣᠯᠪᠣᠭᠠᠨ ᠤ ᠣᠯᠠᠨ ᠤᠯᠤᠰ ᠤᠨ ᠬᠠᠮᠲᠤ ᠢᠢᠨ ᠠᠵᠢᠯᠯᠠᠭ᠎ᠠ᠂ ᠬᠥᠭ᠍ᠵᠢᠯ ᠦᠨ ᠠᠰᠠᠭᠤᠳᠠᠯ ᠬᠠᠷᠢᠭᠤᠴᠠᠭᠰᠠᠨ ᠺᠣᠮᠢᠰᠰᠠᠷ ᠨᠸᠧᠧᠨ ᠮᠢᠮᠢᠼᠠ ᠢᠢ ᠬᠦᠯᠢᠶᠡᠨ ᠠᠪᠴᠤ ᠠᠭᠤᠯᠵᠠᠯ᠎ᠠ᠃

 

ᠠᠭᠤᠯᠵᠠᠯᠲᠠ ᠢᠢᠨ ᠡᠬᠢᠨ ᠳᠥ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠨᠣᠶᠠᠨ ᠨᠸᠧᠧᠨ ᠮᠢᠮᠢᠼᠠ ᠢᠢ ᠮᠣᠩ᠋ᠭᠣᠯ ᠤᠯᠤᠰ ᠲᠤ ᠲᠠᠪᠠᠲᠠᠢ ᠮᠣᠷᠢᠯᠠᠬᠤ ᠢᠢ ᠬᠦᠰᠡᠭᠡᠳ᠂ ᠬᠠᠮᠲᠤ ᠢᠢᠨ ᠠᠵᠢᠯᠯᠠᠭᠠᠨ ᠤ 30 ᠵᠢᠯ ᠦᠨ ᠣᠢ ᠢᠢᠨ ᠡᠮᠦᠨ᠎ᠡ ᠧᠦ᠋ᠷᠣᠫᠠ ᠢᠢᠨ ᠬᠣᠯᠪᠣᠭ᠎ᠠ ᠮᠠᠨ ᠤ ᠤᠯᠤᠰ ᠲᠤ ᠲᠥᠯᠥᠭᠡᠯᠡᠭᠴᠢ ᠢᠢᠨ ᠭᠠᠵᠠᠷ ᠢᠶᠠᠨ ᠨᠡᠭᠡᠭᠡᠬᠦ ᠭᠡᠵᠦ ᠪᠤᠢ ᠳᠤ ᠲᠠᠯᠠᠷᠬᠠᠯ ᠢᠯᠡᠷᠬᠡᠢᠢᠯᠡᠯ᠎ᠡ᠃ ᠮᠥᠨ ᠥᠩᠭᠡᠷᠡᠭᠰᠡᠨ ᠬᠤᠭᠤᠴᠠᠭᠠᠨ ᠤ ᠬᠠᠮᠲᠤ ᠢᠢᠨ ᠠᠵᠢᠯᠯᠠᠭ᠎ᠠ ᠪᠠᠨ᠂ ᠲᠤᠰᠠᠯᠠᠮᠵᠢ ᠳᠡᠮᠵᠢᠯᠭᠡ ᠨᠢ ᠦᠷ᠎ᠡ ᠠᠰᠢᠭᠲᠠᠢ ᠪᠠᠢᠢᠭᠰᠠᠨ ᠢ ᠳᠤᠷᠠᠳᠴᠤ᠂ ᠧᠦ᠋ᠷᠣᠫᠠ ᠢᠢᠨ ᠬᠣᠯᠪᠣᠭᠠᠨ ᠤ ᠲᠥᠯᠥᠭᠡᠯᠡᠭᠴᠢ ᠢᠢᠨ ᠭᠠᠵᠠᠷ ᠨᠡᠭᠡᠭᠡᠭ᠍ᠳᠡᠭᠰᠡᠨ ᠢᠶᠡᠷ ᠬᠠᠷᠢᠯᠴᠠᠨ ᠠᠰᠢᠭᠲᠠᠢ ᠬᠠᠮᠲᠤ ᠢᠢᠨ ᠠᠵᠢᠯᠯᠠᠭ᠎ᠠ ᠪᠠᠨ᠂ ᠲᠥᠰᠥᠯ ᠬᠥᠲᠥᠯᠪᠦᠷᠢ ᠨᠦᠭᠦᠳ ᠬᠡᠷᠡᠭᠵᠢᠨ᠎ᠡ ᠭᠡᠳᠡᠭ ᠲᠥ ᠢᠲᠡᠭᠡᠯᠲᠡᠢ ᠪᠠᠢᠢᠭ᠎ᠠ ᠪᠠᠨ ᠣᠨᠴᠠᠯᠠᠪᠠ᠃

 

ᠮᠥᠨ ᠨᠣᠶᠠᠨ ᠨᠸᠧᠧᠨ ᠮᠢᠮᠢᠼᠠ ᠢᠢ ᠲᠥᠯᠥᠭᠡᠯᠡᠭᠴᠢ ᠢᠢᠨ ᠭᠠᠵᠠᠷ ᠨᠡᠭᠡᠭᠡᠭ᠍ᠳᠡᠭᠰᠡᠨ ᠢᠶᠡᠷ ᠮᠣᠩ᠋ᠭᠣᠯ ᠤᠯᠤᠰ-ᠧᠦ᠋ᠷᠣᠫᠠ ᠢᠢᠨ ᠬᠣᠯᠪᠣᠭᠠᠨ ᠤ ᠲᠦᠩᠰᠢᠯᠡᠯ ᠰᠠᠢᠢᠵᠢᠷᠠᠵᠤ᠂ ᠪᠦᠬᠦ ᠲᠦᠪᠰᠢᠨ ᠦ ᠬᠠᠷᠢᠯᠴᠠᠭ᠎ᠠ ᠪᠠᠨ ᠢᠯᠡᠭᠦᠦ ᠰᠠᠢᠢᠵᠢᠷᠠᠭᠤᠯᠤᠨ᠎ᠠ ᠭᠡᠳᠡᠭ ᠲᠥ ᠢᠲᠡᠭᠡᠯ ᠲᠡᠭᠦᠰ ᠪᠠᠢᠢᠭ᠎ᠠ ᠬᠡᠮᠡᠪᠡ᠃ ᠲᠡᠷᠡᠪᠡᠷ ᠠᠢᠢᠯᠴᠢᠯᠠᠯ ᠤᠨ ᠢᠶᠠᠨ ᠬᠤᠭᠤᠴᠠᠭᠠᠨ ᠳᠤ 2015 ᠣᠨ ᠤ ᠵᠢᠷᠭᠤᠳᠤᠭᠠᠷ ᠰᠠᠷ᠎ᠠ ᠢᠢᠨ 3 ᠍ ᠳᠤ ᠪᠠᠢᠢᠭᠤᠯᠤᠭᠰᠠᠨ ᠬᠥᠭ᠍ᠵᠢᠯ ᠦᠨ ᠬᠠᠮᠲᠤ ᠢᠢᠨ ᠠᠵᠢᠯᠯᠠᠭᠠᠨ ᠤ ᠰᠠᠨᠠᠮᠵᠢ ᠪᠢᠴᠢᠭ᠌ ᠲᠥ ᠳᠤᠷᠠᠳᠤᠭᠰᠠᠨ ᠠᠰᠠᠭᠤᠳᠠᠯ ᠢ ᠪᠣᠳᠠᠲᠤ ᠠᠵᠢᠯ ᠬᠡᠷᠡᠭ ᠪᠣᠯᠭᠠᠬᠤ᠂ ᠶᠠᠪᠤᠴᠠ ᠲᠠᠢ ᠨᠢ ᠲᠠᠨᠢᠯᠴᠠᠬᠤ ᠵᠡᠷᠭᠡ ᠠᠵᠢᠯ ᠢᠶᠠᠷ ᠢᠷᠡᠭᠰᠡᠨ ᠢᠶᠡᠨ ᠬᠡᠯᠡᠭᠡᠳ᠂ ᠧᠦ᠋ᠷᠣᠫᠠ ᠢᠢᠨ ᠬᠣᠯᠪᠣᠭᠠᠨ ᠠᠴᠠ ᠮᠣᠩ᠋ᠭᠣᠯ ᠤᠯᠤᠰ ᠲᠤ ᠭᠠᠳᠠᠭᠠᠳᠤ ᠢᠢᠨ ᠬᠥᠷᠥᠩᠭᠡ ᠣᠷᠣᠭᠤᠯᠤᠯᠲᠠ ᠲᠠᠲᠠᠬᠤ᠂ ᠠᠵᠢᠯ ᠤᠨ ᠪᠠᠢᠢᠷᠢ ᠨᠡᠮᠡᠭᠳᠡᠭᠦᠯᠬᠦ ᠳᠥ ᠴᠢᠭᠯᠡᠨ ᠦᠶ᠎ᠡ ᠱᠠᠲᠤ ᠲᠠᠢ ᠣᠯᠭᠤᠵᠤ ᠪᠠᠢᠢᠭ᠎ᠠ ᠪᠤᠴᠠᠯᠲᠠ ᠦᠭᠡᠢ ᠲᠤᠰᠠᠯᠠᠮᠵᠢ ᠢᠢ ᠢᠯᠡᠭᠦᠦ ᠦᠷ᠎ᠡ ᠠᠰᠢᠭᠲᠠᠢ ᠪᠣᠯᠭᠠᠬᠤ ᠲᠠᠯ᠎ᠠ ᠪᠠᠷ ᠮᠥᠨ ᠶᠠᠷᠢᠯᠴᠠᠯ᠎ᠠ᠃

 

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠮᠣᠩ᠋ᠭᠣᠯ ᠤᠯᠤᠰ ᠲᠤ ᠣᠯᠭᠤᠵᠤ ᠪᠠᠢᠢᠭ᠎ᠠ ᠵᠡᠭᠡᠯᠢ᠂ ᠲᠤᠰᠠᠯᠠᠮᠵᠢ ᠨᠢ ᠤᠯᠤᠰ ᠤᠨ ᠬᠥᠭ᠍ᠵᠢᠯ ᠳᠥ ᠲᠣᠳᠣᠷᠬᠠᠢ ᠡᠶᠡᠷᠬᠦ ᠨᠥᠯᠥᠭᠡ ᠦᠵᠡᠭᠦᠯᠵᠦ ᠪᠠᠢᠢᠭ᠎ᠠ ᠬᠡᠳᠦᠢ ᠴᠤ ᠧᠦ᠋ᠷᠣᠫᠠ ᠢᠢᠨ ᠬᠣᠯᠪᠣᠭᠠᠨ ᠤ ᠤᠯᠤᠰ ᠤᠳ ᠠᠴᠠ ᠲᠧᠭᠨᠣᠯᠣᠭᠢ ᠢᠢ ᠨᠢ ᠰᠤᠷᠤᠯᠴᠠᠬᠤ᠂ ᠲᠡᠷᠡ ᠳᠤᠮᠳᠠ ᠪᠠᠨ ᠬᠥᠳᠡᠭᠡ᠂ ᠠᠵᠤ ᠠᠬᠤᠢ ᠢᠢᠨ ᠲᠧᠭᠨᠣᠯᠣᠭᠢ ᠨᠡᠪᠲᠡᠷᠡᠭᠦᠯᠬᠦ ᠢᠢ ᠢᠯᠡᠭᠦᠦ ᠳᠥ ᠦᠵᠡᠵᠦ ᠴᠢᠨᠠᠭᠰᠢᠳᠠ ᠪᠠᠨ ᠲᠤᠰᠠᠯᠠᠮᠵᠢ᠂ ᠵᠡᠭᠡᠯᠢ ᠭᠡᠬᠦ ᠡᠴᠡ ᠢᠯᠡᠭᠦᠦ ᠲᠡᠢ ᠬᠠᠷᠢᠯᠴᠠᠨ ᠠᠰᠢᠭᠲᠠᠢ ᠬᠠᠮᠲᠤ ᠢᠢᠨ ᠠᠵᠢᠯᠯᠠᠭ᠎ᠠ ᠢᠢ ᠡᠷᠬᠢᠮᠯᠡᠵᠦ ᠪᠤᠢ ᠢᠢ ᠪᠠᠨ ᠢᠯᠡᠷᠬᠡᠢᠢᠯᠡᠵᠦ᠂ ᠡᠨᠡ ᠲᠥᠷᠥᠯ ᠦᠨ ᠪᠣᠳᠠᠲᠠᠢ ᠬᠥᠷᠥᠩᠭᠡ ᠣᠷᠣᠭᠤᠯᠤᠯᠲᠠ᠂ ᠬᠠᠮᠲᠤ ᠢᠢᠨ ᠠᠵᠢᠯᠯᠠᠭᠠᠨ ᠤ ᠠᠰᠠᠭᠤᠳᠠᠯ ᠢᠶᠠᠷ ᠳᠡᠯᠭᠡᠷᠡᠩᠭᠦᠢ ᠶᠠᠷᠢᠯᠴᠠᠵᠤ᠂ ᠰᠠᠨᠠᠯ ᠰᠤᠯᠢᠯᠴᠠᠪᠠ᠃