Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠮᠣᠩ᠋ᠭᠣᠯ ᠤᠨ ᠡᠮᠡᠭᠲᠡᠢᠢᠴᠦᠳ ᠦᠨ ᠬᠥᠳᠡᠯᠮᠦᠷᠢ ᠢᠢ ᠳᠡᠮᠵᠢᠬᠦ ᠬᠣᠯᠪᠣᠭᠠᠨ ᠤ ᠭᠡᠰᠢᠭᠦᠳ ᠲᠡᠢ ᠠᠭᠤᠯᠵᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠮᠣᠩ᠋ᠭᠣᠯ ᠤᠨ ᠡᠮᠡᠭᠲᠡᠢᠢᠴᠦᠳ ᠦᠨ ᠬᠥᠳᠡᠯᠮᠦᠷᠢ ᠢᠢ ᠳᠡᠮᠵᠢᠬᠦ ᠬᠣᠯᠪᠣᠭᠠᠨ ᠤ ᠬᠦᠰᠡᠯᠲᠡ ᠢᠢᠨ ᠳᠠᠭᠠᠭᠤ ᠬᠣᠯᠪᠣᠭᠠᠨ ᠤ ᠭᠡᠰᠢᠭᠦᠳ ᠪᠣᠯᠬᠤ ᠪᠢᠽᠢᠨ᠋᠋ᠧᠰ ᠡᠷᠬᠢᠯᠡᠭᠴᠢ ᠡᠮᠡᠭᠲᠡᠢᠢᠴᠦᠳ ᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠳᠡᠷᠭᠡᠳᠡᠬᠢ ᠢᠷᠭᠡᠨ ᠦ ᠲᠠᠩᠬᠢᠮ ᠳᠤ ᠬᠦᠯᠢᠶᠡᠨ ᠠᠪᠴᠤ ᠠᠭᠤᠯᠵᠠᠯ᠎ᠠ᠃

 

ᠠᠭᠤᠯᠵᠠᠯᠲᠠ ᠢᠢᠨ ᠡᠬᠢᠨ ᠳᠥ ᠮᠣᠩ᠋ᠭᠣᠯ ᠤᠨ ᠡᠮᠡᠭᠲᠡᠢᠢᠴᠦᠳ ᠦᠨ ᠬᠥᠳᠡᠯᠮᠦᠷᠢ ᠢᠢ ᠳᠡᠮᠵᠢᠬᠦ ᠬᠣᠯᠪᠣᠭᠠᠨ ᠤ ᠶᠡᠷᠦᠩᠬᠡᠢᠢᠯᠡᠭᠴᠢ ᠱ ∙ ᠠᠷᠢᠭᠤᠨ᠎ᠠ ᠮᠣᠩ᠋ᠭᠣᠯ ᠳ᠋ᠠᠬᠢ ᠡᠮᠡᠭᠲᠡᠢᠢᠴᠦᠳ ᠦᠨ ᠬᠥᠳᠡᠯᠮᠦᠷᠢ ᠡᠷᠬᠢᠯᠡᠯᠲᠡ ᠢᠢᠨ ᠲᠠᠯ᠎ᠠ ᠪᠠᠷ ᠲᠣᠭᠠᠨ ᠮᠡᠳᠡᠭᠡᠯᠡᠯ ᠲᠠᠨᠢᠯᠴᠠᠭᠤᠯᠵᠤ᠂ ᠵᠢᠵᠢᠭ᠂ ᠳᠤᠮᠳᠠ ᠦᠢᠯᠡᠳᠪᠦᠷᠢ ᠢᠢ ᠬᠥᠭ᠍ᠵᠢᠭᠦᠯᠬᠦ ᠰᠠᠩ᠍ ᠦᠨ ᠦᠢᠯᠡ ᠠᠵᠢᠯᠯᠠᠭᠠᠨ ᠳᠤ ᠰᠢᠭᠦᠮᠵᠢᠯᠡᠯ ᠲᠡᠢ ᠬᠠᠨᠳᠤᠵᠤ ᠪᠤᠢ ᠲᠠᠯ᠎ᠠ ᠪᠠᠷ ᠢᠶᠠᠨ ᠰᠠᠨᠠᠯ᠂ ᠪᠣᠳᠣᠯ ᠢᠶᠠᠨ ᠬᠤᠪᠢᠶᠠᠯᠴᠠᠪᠠ᠃

 

ᠲᠤᠬᠠᠢᠢᠯᠠᠪᠠᠯ᠂ ᠲᠤᠰ ᠬᠣᠯᠪᠣᠭ᠎ᠠ ᠵᠢᠵᠢᠭ᠂ ᠳᠤᠮᠳᠠ ᠦᠢᠯᠡᠳᠪᠦᠷᠢ ᠢᠢ ᠬᠥᠭ᠍ᠵᠢᠭᠦᠯᠬᠦ ᠰᠠᠩ᠍ ᠠᠴᠠ ᠲᠥᠷᠥ ᠢᠢᠨ ᠥᠨᠳᠥᠷ᠂ ᠳᠡᠭᠡᠳᠦ ᠠᠯᠪᠠᠨ ᠲᠤᠰᠢᠶᠠᠯᠲᠠᠨ ᠨᠤᠭᠤᠳ ᠵᠡᠭᠡᠯᠢ ᠠᠪᠤᠭᠰᠠᠨ ᠲᠠᠢ ᠬᠣᠯᠪᠣᠭᠠᠲᠠᠢ ᠪᠠᠷ ᠡᠮᠡᠭᠲᠡᠢ ᠪᠢᠽᠢᠨ᠋᠋ᠧᠰ ᠡᠷᠬᠢᠯᠡᠭᠴᠢᠳ ᠦᠨ ᠳᠤᠮᠳᠠ ᠵᠡᠭᠡᠯᠢ ᠢᠢᠨ ᠬᠦᠷᠲᠡᠭᠡᠮᠵᠢ ᠨᠢ ᠶᠠᠮᠠᠷ ᠪᠠᠢᠢᠭᠰᠠᠨ ᠲᠠᠯ᠎ᠠ ᠪᠠᠷ ᠰᠠᠨᠠᠯ ᠠᠰᠠᠭᠤᠯᠭ᠎ᠠ ᠶᠠᠪᠤᠭᠤᠯᠬᠤ ᠳᠤ᠄

 

ᠳᠡᠢᠢᠯᠦᠩᠬᠢ ᠡᠮᠡᠭᠲᠡᠢ ᠪᠢᠽᠢᠨ᠋᠋ᠧᠰ ᠡᠷᠬᠢᠯᠡᠭᠴᠢᠳ 4-7 ᠵᠢᠯ ᠦᠨ ᠬᠤᠭᠤᠴᠠᠭ᠎ᠠ ᠲᠠᠢ᠂ 15 ᠰᠠᠶ᠎ᠠ ᠲᠥᠭᠥᠷᠢᠭ᠌ ᠡᠴᠡ – 2.5 ᠲᠡᠷᠪᠤᠮ ᠲᠥᠭᠥᠷᠢᠭ᠌ ᠬᠦᠷᠲᠡᠯᠡᠬᠢ ᠵᠡᠭᠡᠯᠢ ᠬᠦᠰᠡᠭᠰᠡᠨ ᠴᠤ ᠰᠠᠩᠬᠦᠵᠢᠯᠲᠡ ᠳᠠᠭᠤᠰᠤᠭᠰᠠᠨ᠂ ᠲᠥᠰᠥᠯ ᠰᠢᠯᠭᠠᠷᠠᠭ᠎ᠠ ᠦᠭᠡᠢ᠂ ᠲᠡᠩᠴᠡᠭᠡ ᠦᠭᠡᠢ ᠵᠡᠷᠭᠡ ᠰᠢᠯᠲᠠᠭᠠᠨ ᠢᠶᠠᠷ ᠵᠡᠭᠡᠯᠢ ᠠᠪᠴᠤ ᠴᠢᠳᠠᠭ᠎ᠠ ᠦᠭᠡᠢ ᠲᠠᠯ᠎ᠠ ᠪᠠᠷ ᠢᠶᠠᠨ ᠬᠡᠯᠡᠵᠡᠢ᠃

 

ᠮᠥᠨ ᠲᠡᠳᠡᠭᠡᠷ ᠪᠢᠽᠢᠨ᠋᠋ᠧᠰ ᠡᠷᠬᠢᠯᠡᠭᠴᠢᠳ ᠨᠢ ᠦᠨᠡᠬᠡᠷ ᠲᠥᠰᠥᠯ ᠨᠢ ᠰᠢᠯᠭᠠᠷᠠᠭ᠎ᠠ ᠦᠭᠡᠢ᠂ ᠰᠠᠩᠬᠦᠵᠢᠯᠲᠡ ᠳᠠᠭᠤᠰᠤᠭᠰᠠᠨ᠂ ᠡᠰᠡᠪᠡᠯ ᠨᠠᠳᠠ ᠳᠤ ᠠᠯᠳᠠᠭ᠎ᠠ ᠳᠤᠲᠠᠭᠳᠠᠯ ᠪᠠᠢᠢᠵᠤ ᠭᠡᠵᠦ ᠪᠣᠳᠣᠳᠠᠭ ᠪᠠᠢᠢᠭᠰᠠᠨ ᠴᠤ ᠲᠥᠷᠥ ᠢᠢᠨ ᠥᠨᠳᠥᠷ᠂ ᠳᠡᠭᠡᠳᠦ ᠠᠯᠪᠠᠨ ᠲᠤᠰᠢᠶᠠᠯᠲᠠᠨ ᠨᠤᠭᠤᠳ ᠪᠣᠯᠤᠨ ᠲᠡᠳᠡᠨ ᠦ ᠬᠠᠮᠢᠶᠠᠷᠤᠯ ᠪᠦᠬᠦᠢ ᠢᠷᠭᠡᠳ ᠣᠯᠠᠨ ᠢᠶᠠᠷ ᠵᠡᠭᠡᠯᠢ ᠠᠪᠤᠭᠰᠠᠨ ᠨᠢ ᠡᠢᠢᠨ ᠬᠦ ᠰᠠᠨᠠᠯ ᠪᠣᠳᠣᠯ ᠢᠶᠠᠨ ᠢᠯᠡᠷᠬᠡᠢᠢᠯᠡᠵᠦ ᠬᠡᠳᠦ᠂ ᠬᠡᠳᠦᠨ ᠱᠠᠭᠠᠷᠳᠠᠯᠭ᠎ᠠ ᠲᠠᠯᠪᠢᠬᠤ ᠳᠤ ᠬᠦᠷᠭᠡᠭ᠍ᠰᠡᠨ ᠲᠠᠯ᠎ᠠ ᠪᠠᠷ ᠢᠶᠠᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠬᠡᠯᠡᠯ᠎ᠡ᠃

 

ᠮᠣᠩ᠋ᠭᠣᠯ ᠤᠨ ᠡᠮᠡᠭᠲᠡᠢᠢᠴᠦᠳ ᠦᠨ ᠬᠥᠳᠡᠯᠮᠦᠷᠢ ᠢᠢ ᠳᠡᠮᠵᠢᠬᠦ ᠬᠣᠯᠪᠣᠭᠠᠨ ᠤ ᠭᠡᠰᠢᠭᠦᠳ᠄

 

  • ᠵᠢᠵᠢᠭ᠂ ᠳᠤᠮᠳᠠ ᠦᠢᠯᠡᠳᠪᠦᠷᠢ ᠢᠢ ᠬᠥᠭ᠍ᠵᠢᠭᠦᠯᠬᠦ ᠰᠠᠩ ᠍ ᠠᠴᠠ ᠬᠡᠨ᠂ ᠬᠡᠨ ᠵᠡᠭᠡᠯᠢ ᠠᠪᠤᠭᠰᠠᠨ
  • ᠰᠢᠳᠤᠷᠭᠤ ᠪᠠᠷ ᠰᠢᠯᠭᠠᠭᠤᠯᠵᠤ ᠪᠠᠢᠢᠭ᠎ᠠ ᠡᠰᠡᠬᠦ ᠳᠥ ᠨᠢ ᠬᠢᠨᠠᠯᠲᠠ ᠲᠠᠯᠪᠢᠬᠤ
  • ᠰᠢᠯᠭᠠᠷᠠᠭ᠎ᠠ ᠦᠭᠡᠢ ᠲᠥᠰᠥᠯ ᠦᠳ ᠰᠢᠯᠭᠠᠷᠠᠭᠰᠠᠨ ᠲᠥᠰᠥᠯ ᠦᠳ ᠢ ᠬᠠᠷᠢᠴᠠᠭᠤᠯᠤᠨ ᠦᠵᠡᠵᠦ᠂ ᠦᠨᠡᠯᠡᠯᠲᠡ᠂ ᠳ᠋ᠦᠩᠨᠡᠯᠲᠡ ᠥᠭ᠍ᠬᠦ
  • ᠵᠠᠰᠠᠭ ᠤᠨ ᠭᠠᠵᠠᠷ ᠤᠨ ᠣᠯᠠᠨ ᠲᠥᠷᠥᠯ ᠦᠨ ᠰᠠᠩ ᠤᠨ ᠦᠢᠯᠡ ᠠᠵᠢᠯᠯᠠᠭ᠎ᠠ ᠢᠢ ᠵᠣᠬᠢᠴᠠᠭᠤᠯᠵᠤ ᠪᠤᠢ ᠬᠠᠤᠯᠢ ᠢᠢ ᠰᠠᠢᠢᠵᠢᠷᠠᠭᠤᠯᠬᠤ ᠵᠡᠷᠭᠡ ᠣᠯᠠᠨ ᠱᠠᠭᠠᠷᠳᠠᠯᠭ᠎ᠠ ᠪᠠᠨ ᠵᠠᠰᠠᠭ ᠤᠨ ᠭᠠᠵᠠᠷ ᠲᠤ ᠬᠦᠷᠭᠡᠭᠦᠯᠬᠦ ᠶᠤᠮ ᠪᠠᠢᠢᠨ᠎ᠠ᠃

ᠡᠳᠡᠭᠡᠷ ᠠᠰᠠᠭᠤᠳᠠᠯ ᠢᠶᠠᠷ ᠣᠶᠣᠳᠠᠯ ᠤᠨ᠂ ᠠᠷᠠᠰᠤ ᠰᠢᠷᠢᠨ ᠦ᠂ ᠡᠷᠡᠭᠦᠯ ᠮᠡᠨᠳᠦ ᠢᠢᠨ ᠵᠡᠷᠭᠡ ᠣᠯᠠᠨ ᠰᠠᠯᠪᠤᠷᠢ ᠳᠤ ᠪᠢᠽᠢᠨ᠋᠋ᠧᠰ ᠡᠷᠬᠢᠯᠡᠵᠦ ᠪᠤᠢ ᠡᠮᠡᠭᠲᠡᠢᠢᠴᠦᠳ ᠰᠠᠨᠠᠯ ᠬᠦᠰᠡᠯᠲᠡ ᠪᠡᠨ ᠬᠡᠯᠡᠵᠦ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠲᠠᠢ ᠶᠠᠷᠢᠯᠴᠠᠪᠠ᠃