Та "Internet explorer"-ийн сүүлийн хувилбар болох "Microsoft edge"-г ашиглана уу

Хэрэв "Microsoft edge"-г татах бол энд дарж татаж авна уу

ᠪᠠᠶᠠᠯᠢᠭ ᠪᠦᠲᠦᠭᠡᠭ᠍ᠴᠢᠳ ᠢ ᠳᠡᠮᠵᠢᠬᠦ ᠬᠣᠯᠪᠣᠭᠠᠨ ᠤ ᠬᠢᠨ ᠵᠢᠵᠢᠭ᠂ ᠳᠤᠮᠳᠠ ᠦᠢᠯᠡᠳᠪᠦᠷᠢ ᠢᠢᠨ ᠬᠠᠤᠯᠢ ᠢᠢᠨ ᠲᠥᠰᠥᠯ ᠦᠨ ᠠᠰᠠᠭᠤᠳᠠᠯ ᠢᠶᠠᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠲᠠᠢ ᠠᠭᠤᠯᠵᠠᠵᠤ᠂ ᠶᠠᠷᠢᠯᠴᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠪᠠᠶᠠᠯᠢᠭ ᠪᠦᠲᠦᠭᠡᠭ᠍ᠴᠢᠳ ᠢ ᠳᠡᠮᠵᠢᠬᠦ ᠬᠣᠯᠪᠣᠭᠠᠨ ᠤ ᠬᠦᠰᠡᠯᠲᠡ ᠢᠢᠨ ᠳᠠᠭᠠᠭᠤ ᠲᠤᠰ ᠬᠣᠯᠪᠣᠭᠠᠨ ᠤ ᠭᠡᠰᠢᠭᠦᠳ ᠪᠣᠯᠬᠤ ᠵᠢᠵᠢᠭ᠂ ᠳᠤᠮᠳᠠ ᠦᠢᠯᠡᠳᠪᠦᠷᠢ ᠡᠷᠬᠢᠯᠡᠭᠴᠢ ᠢᠷᠭᠡᠳ ᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠳᠡᠷᠭᠡᠳᠡᠬᠢ ᠢᠷᠭᠡᠨ ᠦ ᠲᠠᠩᠬᠢᠮ ᠳᠤ ᠬᠦᠯᠢᠶᠡᠨ ᠠᠪᠴᠤ ᠠᠭᠤᠯᠵᠠᠪᠠ᠃

 

ᠲᠤᠰ ᠬᠣᠯᠪᠣᠭᠠᠨ ᠤ ᠭᠦᠢᠴᠡᠳᠭᠡᠬᠦ ᠵᠠᠬᠢᠷᠤᠯ ᠪ ∙ ᠪᠠᠳᠤᠳᠡᠯᠭᠡᠷ ᠠᠭᠤᠯᠵᠠᠯᠲᠠ ᠢᠢᠨ ᠡᠬᠢᠨ ᠳᠥ 《…ᠵᠢᠵᠢᠭ᠂ ᠳᠤᠮᠳᠠ ᠦᠢᠯᠡᠳᠪᠦᠷᠢ ᠢᠢᠨ ᠲᠤᠬᠠᠢ ᠬᠠᠤᠯᠢ ᠢᠢᠨ ᠰᠢᠨᠡᠴᠢᠯᠡᠭᠰᠡᠨ ᠨᠠᠢᠢᠷᠠᠭᠤᠯᠭ᠎ᠠ ᠥᠷᠭᠡᠨ ᠪᠠᠷᠢᠭᠳᠠᠭᠰᠠᠨ ᠴᠤ ᠬᠠᠤᠯᠢ ᠢᠢᠨ ᠲᠥᠰᠥᠯ ᠳᠥ ᠵᠢᠵᠢᠭ᠂ ᠳᠤᠮᠳᠠ ᠦᠢᠯᠡᠳᠪᠦᠷᠢ ᠡᠷᠬᠢᠯᠡᠭᠴᠢᠳ ᠦᠨ ᠡᠷᠬᠡ ᠠᠰᠢᠭ ᠢ ᠬᠠᠮᠠᠭᠠᠯᠠᠬᠤ ᠪᠣᠯᠤᠭᠠᠳ ᠳᠡᠮᠵᠢᠯᠭᠡ ᠪᠣᠯᠬᠤᠢᠢᠴᠠ ᠵᠢᠭᠠᠯᠲᠠ ᠲᠤᠩ ᠴᠥᠭᠡᠨ ᠣᠷᠣᠭᠰᠠᠨ…》 ᠲᠠᠯ᠎ᠠ ᠪᠠᠷ ᠬᠡᠯᠡᠵᠦ᠂ ᠬᠠᠤᠯᠢ ᠢᠢᠨ ᠲᠥᠰᠥᠯ ᠦᠨ ᠠᠰᠠᠭᠤᠳᠠᠯ ᠢᠶᠠᠷ ᠪᠣᠯᠤᠨ ᠪᠢᠽᠢᠨ᠋᠋ᠧᠰ ᠡᠷᠬᠢᠯᠡᠭᠴᠢᠳ ᠳᠠᠭᠤ᠂ ᠬᠣᠭᠣᠯᠠᠢ ᠢᠢ ᠪᠠᠨ ᠬᠦᠷᠭᠡᠬᠦ ᠵᠠᠪᠰᠢᠶᠠᠨ ᠣᠯᠭᠤᠭᠰᠠᠨ ᠳᠤ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠲᠠᠯᠠᠷᠬᠠᠯ ᠢᠯᠡᠷᠬᠡᠢᠢᠯᠡᠭᠰᠡᠨ ᠶᠤᠮ᠃

 

ᠪᠠᠶᠠᠯᠢᠭ ᠪᠦᠲᠦᠭᠡᠭ᠍ᠴᠢᠳ ᠢ ᠳᠡᠮᠵᠢᠬᠦ ᠬᠣᠯᠪᠣᠭ᠎ᠠ 2015 ᠣᠨ ᠳᠤ ᠪᠠᠢᠢᠭᠤᠯᠤᠭᠳᠠᠭᠰᠠᠨ ᠪᠥᠭᠡᠳ 21 ᠠᠢᠢᠮᠠᠭ᠂ 7 ᠳᠡᠭᠦᠷᠭᠡ ᠳᠥ ᠰᠠᠯᠪᠤᠷᠢ ᠲᠠᠢ᠂ ᠣᠳᠣ ᠪᠠᠷ 100 ᠮᠢᠩ᠋ᠭ᠎ᠠ ᠭᠠᠷᠤᠢ ᠭᠡᠰᠢᠭᠦᠨ ᠲᠡᠢ ᠦᠢᠯᠡ ᠠᠵᠢᠯᠯᠠᠭ᠎ᠠ ᠪᠠᠨ ᠶᠠᠪᠤᠭᠤᠯᠵᠤ ᠪᠠᠢᠢᠭ᠎ᠠ ᠶᠤᠮ ᠪᠠᠢᠢᠨ᠎ᠠ᠃ ᠮᠥᠨ ᠵᠢᠵᠢᠭ᠂ ᠳᠤᠮᠳᠠ ᠦᠢᠯᠡᠳᠪᠦᠷᠢ ᠢᠢᠨ ᠲᠤᠬᠠᠢ ᠬᠠᠤᠯᠢ ᠢᠢᠨ ᠰᠢᠨᠡᠴᠢᠯᠡᠭᠰᠡᠨ ᠨᠠᠢᠢᠷᠠᠭᠤᠯᠭ᠎ᠠ ᠥᠷᠭᠡᠨ ᠪᠠᠷᠢᠭᠳᠠᠬᠤ ᠠᠴᠠ ᠡᠮᠦᠨ᠎ᠡ ᠮᠣᠩ᠋ᠭᠣᠯ ᠤᠯᠤᠰ ᠢ ᠪᠦᠲᠦᠨ ᠬᠣᠶᠠᠷ ᠲᠣᠭᠣᠷᠢᠵᠤ ᠵᠢᠵᠢᠭ᠂ ᠳᠤᠮᠳᠠ ᠦᠢᠯᠡᠳᠪᠦᠷᠢ ᠡᠷᠡᠬᠯᠡᠭᠴᠢᠳ ᠲᠡᠢ ᠠᠭᠤᠯᠵᠠᠵᠤ᠂ ᠰᠠᠨᠠᠯ ᠪᠣᠳᠣᠯ ᠢᠶᠠᠨ ᠰᠣᠯᠢᠯᠴᠠᠨ᠂ ᠲᠡᠭᠦᠨ ᠢ ᠪᠡᠨ ᠪᠣᠯᠪᠠᠰᠤᠷᠠᠭᠤᠯᠤᠨ ᠰᠠᠨᠠᠯ ᠥᠭ᠍ᠭᠦᠭ᠍ᠰᠡᠨ ᠴᠤ ᠬᠠᠤᠯᠢ ᠢᠢᠨ ᠲᠥᠰᠥᠯ ᠳᠥ ᠣᠭᠲᠣ ᠲᠤᠰᠬᠠᠭᠳᠠᠭ᠎ᠠ ᠦᠭᠡᠢ ᠭᠡᠰᠡᠨ ᠶᠤᠮ᠃

 

ᠤᠯᠠᠮ ᠢᠶᠠᠷ ᠰᠠᠨᠠᠯ᠎ᠠ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠤᠯᠠᠮᠵᠢᠯᠠᠵᠤ᠂ ᠪᠦᠷᠢᠨ ᠡᠷᠬᠡ ᠢᠢᠨ ᠢᠶᠡᠨ ᠬᠦᠷᠢᠶᠡᠨ ᠳᠥ ᠬᠠᠤᠯᠢ ᠢᠢᠨ ᠲᠥᠰᠥᠯ ᠳᠥ ᠵᠢᠵᠢᠭ᠂ ᠳᠤᠮᠳᠠ ᠦᠢᠯᠡᠳᠪᠦᠷᠢ ᠡᠷᠬᠢᠯᠡᠭᠴᠢᠳ ᠦᠨ ᠳᠠᠭᠤ ᠬᠣᠭᠣᠯᠠᠢ᠂ ᠬᠦᠰᠡᠯᠲᠡ ᠵᠣᠷᠢᠯᠭ᠎ᠠ ᠢᠢ ᠲᠤᠰᠬᠠᠵᠤ ᠥᠭ᠍ᠬᠦ ᠢᠢ ᠬᠦᠰᠡᠯ᠎ᠡ᠃

 

ᠲᠤᠬᠠᠢᠢᠯᠪᠠᠯ᠂ ᠪᠠᠶᠠᠯᠢᠭ ᠪᠦᠲᠦᠭᠡᠭ᠍ᠴᠢᠳ ᠢ ᠳᠡᠮᠵᠢᠬᠦ ᠬᠣᠯᠪᠣᠭᠠᠨ ᠤ ᠭᠦᠢᠴᠡᠳᠬᠡᠬᠦ ᠵᠠᠬᠢᠷᠤᠯ ᠪ᠂ᠪᠠᠲᠤᠳᠡᠯᠭᠡᠷ᠄

ᠵᠢᠵᠢᠭ᠂ ᠳᠤᠮᠳᠠ ᠦᠢᠯᠡᠳᠪᠦᠷᠢ ᠢᠢ ᠳᠡᠮᠵᠢᠬᠦ ᠲᠤᠬᠠᠢ ᠬᠠᠤᠯᠢ ᠢᠢᠨ ᠲᠥᠰᠥᠯ ᠡᠴᠡ 《ᠪᠢᠴᠢᠯ ᠪᠢᠽᠢᠨ᠋᠋ᠧᠰ》 ᠭᠡᠬᠦ ᠨᠡᠷ᠎ᠡ ᠲᠣᠮᠢᠶ᠎ᠠ ᠢᠢ ᠬᠠᠰᠤᠭᠰᠠᠨ ᠪᠠᠢᠢᠨ᠎ᠠ᠃

ᠲᠡᠢᠢᠮᠦ ᠡᠴᠡ ᠪᠢᠴᠢᠯ ᠪᠢᠽᠢᠨ᠋᠋ᠧᠰ ᠡᠷᠬᠢᠯᠡᠭᠴᠢ ᠪᠤᠶᠤ 1-9 ᠠᠵᠢᠯᠲᠠᠨ ᠲᠠᠢ᠂ ᠵᠢᠯ ᠦᠨ 250 ᠰᠠᠶ᠎ᠠ ᠲᠥᠭᠥᠷᠢᠭ᠌ ᠦᠨ ᠪᠣᠷᠣᠯᠠᠭᠤᠯᠤᠯᠲᠠ ᠢᠢᠨ ᠣᠷᠣᠯᠭ᠎ᠠ ᠲᠠᠢ ᠢᠷᠭᠡᠳ ᠢ ᠬᠠᠤᠯᠢ ᠢᠢᠨ ᠲᠥᠰᠥᠯ ᠳᠥ 《ᠪᠢᠴᠢᠯ ᠪᠢᠽᠢᠨ᠋᠋ᠧᠰ ᠡᠷᠬᠢᠯᠡᠭᠴᠢ》 ᠬᠡᠮᠡᠨ ᠬᠠᠮᠤᠷᠤᠭᠤᠯᠤᠨ ᠤᠷᠤᠭᠤᠯᠬᠤ ᠶᠣᠰᠣᠲᠠᠢ ᠭᠡᠬᠦ ᠰᠠᠨᠠᠯ ᠭᠠᠷᠭᠠᠵᠤ ᠪᠠᠢᠢᠭ᠎ᠠ᠃

 

ᠵᠢᠵᠢᠭ᠂ ᠳᠤᠮᠳᠠ ᠦᠢᠯᠡᠳᠪᠦᠷᠢ ᠢᠢ ᠵᠢᠯ ᠦᠨ 2.5 ᠲᠡᠷᠪᠤᠮ ᠲᠥᠭᠥᠷᠢᠭ᠌ ᠦᠨ ᠪᠣᠷᠣᠯᠠᠭᠤᠯᠤᠯᠲᠠ ᠢᠢᠨ ᠣᠷᠣᠯᠭ᠎ᠠ ᠲᠠᠢ᠂ 200 ᠠᠵᠢᠯᠲᠠᠨ ᠲᠠᠢ ᠭᠡᠵᠦ ᠲᠣᠮᠢᠶᠠᠯᠠᠭᠰᠠᠨ᠃

ᠬᠡᠷᠪᠡ ᠰᠢᠳᠤᠷᠭᠤ ᠪᠠᠷ ᠠᠵᠢᠯᠯᠠᠳᠠᠭ ᠪᠣᠯ ᠡᠢᠢᠮᠦ ᠠᠵᠤ᠂ ᠠᠬᠤᠢ ᠢᠢᠨ ᠨᠢᠭᠡᠴᠡ ᠶᠠᠭᠠᠬᠢᠭᠠᠳ ᠴᠤ ᠵᠢᠵᠢᠭ᠂ ᠳᠤᠮᠳᠠ ᠦᠢᠯᠡᠳᠪᠦᠷᠢ ᠢᠢᠨ ᠠᠩᠭᠢᠯᠠᠯ ᠳᠤ ᠪᠠᠭᠲᠠᠬᠤ ᠦᠭᠡᠢ᠃ ᠵᠢᠱᠢᠶ᠎ᠡ ᠨᠢ᠂ ᠨᠢᠭᠡ ᠬᠦᠮᠦᠨ ᠦ ᠰᠠᠷ᠎ᠠ ᠢᠢᠨ ᠴᠠᠯᠢᠩ ᠢ 700 ᠮᠢᠩ᠋ᠭᠠᠨ ᠲᠥᠭᠥᠷᠢᠭ᠌ ᠢᠶᠡᠷ ᠲᠣᠭᠠᠴᠠᠬᠤ ᠳᠤ᠂ 200 ᠬᠦᠮᠦᠨ ᠦ ᠬᠢ 140 ᠰᠠᠶ᠎ᠠ᠂ ᠨᠢᠭᠡ ᠵᠢᠯ ᠦᠨ ᠬᠤᠭᠤᠴᠠᠭᠠᠨ ᠳᠤ ᠴᠠᠯᠢᠩ ᠤᠨ ᠵᠠᠷᠤᠳᠠᠯ ᠳᠤ 1.7 ᠲᠡᠷᠪᠤᠮ ᠲᠥᠭᠥᠷᠢᠭ᠌ ᠵᠠᠷᠤᠴᠠᠭᠤᠯᠤᠨ᠎ᠠ᠃ ᠭᠡᠲᠡᠯ᠎ᠡ ᠡᠭᠦᠨ ᠦ ᠴᠠᠭᠠᠨ᠎ᠠ ᠲᠠᠲᠠᠪᠤᠷᠢ᠂ ᠨᠡᠢᠢᠭᠡᠮ ᠤᠨ ᠳᠠᠭᠠᠭᠠᠳᠬᠠᠯ᠂ ᠦᠢᠯᠡ ᠠᠵᠢᠯᠯᠠᠭᠠᠨ ᠤ ᠵᠠᠷᠤᠳᠠᠯ ᠭᠡᠳ ᠣᠯᠠᠨ ᠵᠦᠢᠯ ᠪᠤᠢ᠃ ᠲᠡᠢᠢᠮᠦ ᠡᠴᠡ ᠡᠨᠡ ᠪᠣᠷᠣᠯᠠᠭᠤᠯᠤᠯᠲᠠ ᠢᠢᠨ ᠣᠷᠣᠯᠭ᠎ᠠ ᠠᠮᠢᠳᠤᠷᠠᠯ ᠳᠤ ᠨᠡᠢᠢᠴᠡᠬᠦ ᠦᠭᠡᠢ᠃ ᠡᠨᠡ ᠣᠷᠣᠯᠭ᠎ᠠ ᠢᠢ ᠵᠢᠷᠭᠤᠭᠠᠨ ᠲᠡᠷᠪᠤᠮ ᠲᠥᠭᠥᠷᠢᠭ᠌ ᠬᠦᠷᠲᠡᠯ᠎ᠡ ᠥᠰᠬᠡᠬᠦ ᠱᠠᠭᠠᠷᠳᠠᠯᠭ᠎ᠠ ᠲᠠᠢ᠃

ᠤᠯᠤᠰ ᠤᠨ ᠶᠡᠬᠡ ᠬᠤᠷᠠᠯ ᠢᠢᠨ ᠭᠡᠰᠢᠭᠦᠨ᠂ ᠲᠥᠷᠥ ᠢᠢᠨ ᠥᠨᠳᠥᠷ ᠳᠡᠭᠡᠳᠦ ᠠᠯᠪᠠᠨ ᠲᠤᠰᠢᠶᠠᠯᠲᠠᠨ ᠨᠤᠭᠤᠳ ᠵᠢᠵᠢᠭ᠂ ᠳᠤᠮᠳᠠ ᠦᠢᠯᠡᠳᠪᠦᠷᠢ ᠢᠢ ᠬᠥᠭ᠍ᠵᠢᠭᠦᠯᠬᠦ ᠰᠠᠩ ᠠᠴᠠ ᠵᠡᠭᠡᠯᠢ ᠠᠪᠤᠭᠰᠠᠨ ᠠᠰᠠᠭᠤᠳᠠᠯ ᠭᠠᠷᠤᠭᠰᠠᠨ᠃ ᠭᠡᠪᠡᠴᠦ᠂ ᠬᠠᠤᠯᠢ ᠢᠢᠨ ᠲᠥᠰᠥᠯ ᠦᠨ 5.3 ᠳ᠋ᠤᠭᠠᠷ ᠵᠢᠭᠠᠯᠲᠠ ᠢᠢ ᠥᠪᠡᠷᠰᠡᠳ ᠲᠥ ᠪᠡᠨ ᠵᠣᠷᠢᠭᠤᠯᠤᠭᠰᠠᠨ ᠮᠡᠲᠦ ᠪᠣᠯᠭᠠᠭᠰᠠᠨ᠃

ᠤᠴᠢᠷ ᠨᠢ᠂ ᠵᠢᠵᠢᠭ᠂ ᠳᠤᠮᠳᠠ ᠦᠢᠯᠡᠳᠪᠦᠷᠢ ᠪᠣᠷᠣᠯᠠᠭᠤᠯᠤᠯᠲᠠ ᠢᠢᠨ ᠣᠷᠣᠯᠭ᠎ᠠ ᠪᠣᠯᠤᠨ ᠠᠵᠢᠯᠲᠠᠨ ᠤ ᠲᠣᠭ᠎ᠠ ᠪᠠᠷ ᠢᠶᠠᠨ ᠬᠢᠵᠠᠭᠠᠷᠯᠠᠭᠳᠠᠳᠠᠭ᠃ ᠭᠡᠲᠡᠯ᠎ᠡ ᠪᠣᠷᠣᠯᠠᠭᠤᠯᠤᠯᠲᠠ ᠢᠢᠨ ᠣᠷᠣᠯᠭ᠎ᠠ ᠨᠢ ᠬᠠᠩ᠋ᠭᠠᠭᠳᠠᠬᠤ ᠦᠭᠡᠢ ᠪᠠᠢᠢᠭ᠎ᠠ ᠲᠣᠬᠢᠶᠠᠯᠳᠤᠯ ᠳᠤ ᠠᠵᠢᠯᠲᠠᠨ ᠤ ᠲᠣᠭ᠎ᠠ ᠢᠢ ᠬᠠᠷᠠᠭᠠᠯᠵᠠᠨ ᠦᠵᠡᠵᠦ ᠵᠢᠵᠢᠭ᠂ ᠳᠤᠮᠳᠠ ᠦᠢᠯᠡᠳᠪᠦᠷᠢ ᠡᠷᠬᠢᠯᠡᠭᠴᠢ ᠬᠡᠮᠡᠨ ᠲᠣᠭᠠᠴᠠᠨ᠎ᠠ ᠭᠡᠵᠦ ᠵᠢᠭᠠᠭᠰᠠᠨ᠃ ᠢᠩᠭᠢᠭ᠍ᠰᠡᠨ ᠢᠶᠡᠷ 200 ᠠᠵᠢᠯᠲᠠᠨ ᠲᠠᠢ 50᠂ 60 ᠲᠡᠷᠪᠤᠮ ᠤᠨ ᠣᠷᠣᠯᠭ᠎ᠠ ᠲᠠᠢ ᠺᠣᠮᠫᠠᠨᠢ ᠨᠤᠭᠤᠳ ᠵᠢᠵᠢᠭ᠂ ᠳᠤᠮᠳᠠ ᠭᠡᠰᠡᠨ ᠠᠩᠭᠢᠯᠠᠯ ᠳᠤ ᠣᠷᠣᠵᠤ ᠢᠷᠡᠭᠡᠳ ᠳᠠᠬᠢᠭᠠᠳ ᠵᠡᠭᠡᠯᠢ ᠠᠪᠬᠤ ᠪᠣᠯᠤᠮᠵᠢ ᠲᠠᠢ᠃ ᠲᠡᠢᠢᠮᠦ ᠡᠴᠡ ᠵᠠᠪᠠᠯ ᠠᠵᠢᠯᠲᠠᠨ ᠤ ᠲᠣᠭ᠎ᠠ ᠪᠣᠯᠤᠨ ᠦᠢᠯᠡᠳᠪᠦᠷᠢ ᠢᠢᠨ ᠣᠷᠣᠯᠭ᠎ᠠ ᠭᠡᠰᠡᠨ ᠬᠣᠶᠠᠷ ᠵᠦᠢᠯ ᠢ ᠬᠠᠷᠠᠭᠠᠯᠵᠠᠨ ᠦᠵᠡᠬᠦ ᠱᠠᠭᠠᠷᠳᠠᠯᠭ᠎ᠠ ᠲᠠᠢ》 ᠵᠡᠷᠭᠡ ᠣᠯᠠᠨ ᠰᠠᠨᠠᠯ ᠢᠶᠠᠨ ᠬᠡᠯᠡᠯ᠎ᠡ᠃

 

ᠮᠥᠨ ᠵᠢᠵᠢᠭ᠂ ᠳᠤᠮᠳᠠ ᠦᠢᠯᠡᠳᠪᠦᠷᠢ ᠢᠢ ᠬᠥᠭ᠍ᠵᠢᠭᠦᠯᠬᠦ ᠰᠠᠩ ᠨᠢ ᠰᠡᠭᠦᠯ ᠦᠨ 10 ᠵᠢᠯ ᠳᠥ 5 ᠶᠠᠮᠤ ᠳᠠᠮᠵᠢᠵᠤ ᠤᠳᠤᠷᠢᠳᠤᠯᠭ᠎ᠠ᠂ ᠲᠣᠭᠲᠠᠯᠴᠠᠭ᠎ᠠ ᠨᠢ ᠪᠠᠢᠢᠩ᠋ᠭᠤ ᠥᠭᠡᠷᠡᠴᠢᠯᠡᠭᠳᠡᠵᠦ ᠪᠠᠢᠢᠳᠠᠭ ᠲᠤᠯᠠ ᠪᠠᠢᠢᠩ᠋ᠭᠤ ᠢᠢᠨ ᠤᠳᠤᠷᠢᠳᠤᠯᠭ᠎ᠠ ᠪᠠᠷ ᠬᠠᠩ᠋ᠭᠠᠬᠤ ᠠᠰᠠᠭᠤᠳᠠᠯ ᠢ ᠮᠥᠨ ᠬᠠᠤᠯᠢ ᠢᠢᠨ ᠲᠥᠰᠥᠯ ᠳᠥ ᠪᠠᠭᠲᠠᠭᠠᠬᠤ ᠱᠠᠭᠠᠷᠳᠠᠯᠭ᠎ᠠ ᠲᠠᠢ ᠭᠡᠵᠦ ᠦᠵᠡᠵᠦ ᠪᠠᠢᠢᠭ᠎ᠠ ᠶᠤᠮ ᠪᠠᠢᠢᠨ᠎ᠠ᠃

 

ᠡᠳᠡᠭᠡᠷ ᠠᠰᠠᠭᠤᠳᠠᠯ ᠤᠨ ᠬᠦᠷᠢᠶᠡᠨ ᠳᠥ 30 ᠭᠠᠷᠤᠢ ᠪᠠᠶᠠᠯᠢᠭ ᠪᠦᠲᠦᠭᠡᠭ᠍ᠴᠢ ᠰᠠᠨᠠᠭ᠎ᠠ᠂ ᠪᠣᠳᠣᠯ ᠢᠶᠠᠨ ᠪᠡᠶᠡᠴᠢᠯᠡᠨ ᠢᠯᠡᠷᠬᠡᠢᠢᠯᠡᠵᠦ᠂ ᠵᠢᠵᠢᠭ᠂ ᠳᠤᠮᠳᠠ ᠦᠢᠯᠡᠳᠪᠦᠷᠢᠯᠡᠯ ᠡᠷᠬᠢᠯᠡᠬᠦ ᠳᠥ ᠶᠠᠮᠠᠷ ᠪᠡᠷᠬᠡᠰᠢᠶᠡᠯ ᠲᠤᠯᠭᠠᠷᠠᠵᠤ ᠪᠠᠢᠢᠭ᠎ᠠ ᠪᠣᠯᠤᠭᠠᠳ ᠬᠠᠤᠯᠢ ᠡᠷᠬᠡ ᠵᠦᠢ ᠢᠢᠨ ᠣᠷᠴᠢᠨ ᠢ ᠰᠠᠢᠢᠵᠢᠷᠠᠭᠤᠯᠬᠤ ᠠᠰᠠᠭᠤᠳᠠᠯ ᠢᠶᠠᠷ ᠰᠠᠨᠠᠯ᠂ ᠪᠣᠳᠣᠯ ᠢᠶᠠᠨ ᠬᠡᠯᠡᠭᠰᠡᠨ ᠶᠤᠮ᠃

 

ᠠᠭᠤᠯᠵᠠᠯᠲᠠ ᠳᠤ ᠣᠷᠣᠯᠴᠠᠭᠰᠠᠨ 10 ᠭᠠᠷᠤᠢ ᠠᠢᠢᠮᠠᠭ᠂ ᠳᠣᠯᠣᠭᠠᠨ ᠳᠡᠭᠦᠷᠭᠡ ᠢᠢᠨ ᠪᠠᠶᠠᠯᠢᠭ ᠪᠦᠲᠦᠭᠡᠭ᠍ᠴᠢ᠂ ᠵᠢᠵᠢᠭ᠂ ᠳᠤᠮᠳᠠ ᠦᠢᠯᠡᠳᠪᠦᠷᠢ ᠡᠷᠬᠢᠯᠡᠭᠴᠢᠳ ᠵᠢᠵᠢᠭ᠂ ᠳᠤᠮᠳᠠ ᠦᠢᠯᠡᠳᠪᠦᠷᠢ ᠢᠢᠨ ᠲᠤᠬᠠᠢ ᠬᠠᠤᠯᠢ ᠢᠢᠨ ᠲᠥᠰᠥᠯ ᠳᠥ ᠤᠷᠤᠭᠤᠯᠬᠤ ᠱᠠᠭᠠᠷᠳᠠᠯᠭ᠎ᠠ ᠲᠠᠢ ᠭᠡᠵᠦ ᠦᠵᠡᠭᠰᠡᠨ ᠲᠥᠰᠥᠯ ᠢᠶᠡᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠠᠯᠪᠠᠨ ᠶᠣᠰᠣᠭᠠᠷ ᠭᠠᠷᠳᠠᠭᠤᠯᠵᠤ ᠥᠭ᠍ᠪᠡ᠃