ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠮᠣᠩ᠋ᠭᠣᠯ ᠤᠯᠤᠰ ᠤᠨ ᠶᠡᠷᠦᠩᠬᠡᠢ ᠰᠠᠢᠢᠳ ᠤ᠊ ∙ ᠬᠦᠷᠦᠯᠰᠦ᠋ᠬᠡ ᠡᠴᠡ ᠢᠷᠡᠭᠦᠯᠦᠭᠰᠡᠨ ᠵᠠᠷᠢᠮ ᠰᠠᠢᠢᠳ ᠢ ᠡᠭᠦᠷᠭᠡᠲᠦ ᠠᠵᠢᠯ ᠠᠴᠠ ᠨᠢ ᠣᠭᠴᠣᠷᠠᠭᠤᠯᠬᠤ ᠪᠣᠯᠤᠨ ᠡᠭᠦᠷᠭᠡᠲᠦ ᠠᠵᠢᠯ ᠠᠴᠠ ᠨᠢ ᠴᠢᠯᠦᠭᠡᠯᠡᠬᠦ ᠲᠤᠬᠠᠢ ᠵᠥᠪᠰᠢᠯᠴᠡᠬᠦ ᠪᠡᠷ ᠢᠷᠡᠭᠦᠯᠦᠭᠰᠡᠨ ᠠᠯᠪᠠᠨ ᠪᠢᠴᠢᠭ᠌ ᠲᠥ ᠲᠤᠰ ᠲᠤᠰ ᠬᠠᠷᠢᠭᠤ ᠢᠯᠡᠭᠡᠪᠡ᠃
ᠵᠥᠪᠰᠢᠯᠴᠡᠬᠦ ᠳᠤᠬᠠᠢ ᠠᠯᠪᠠᠨ ᠪᠢᠴᠢᠭ᠌ ᠲᠥ᠄
《ᠮᠣᠩ᠋ᠭᠣᠯ ᠤᠯᠤᠰ ᠤᠨ ᠵᠠᠰᠠᠭ ᠤᠨ ᠭᠠᠵᠠᠷ ᠤᠨ ᠭᠡᠰᠢᠭᠦᠨ-ᠪᠣᠯᠪᠠᠰᠤᠷᠠᠯ᠂ ᠰᠤᠶᠤᠯ᠂ ᠰᠢᠨᠵᠢᠯᠡᠬᠦ ᠤᠬᠠᠭᠠᠨ᠂ ᠰᠫᠣᠷᠲ ᠤᠨ ᠰᠠᠢᠢᠳ ᠴᠡᠳᠡᠨᠪᠠᠯ ᠤᠨ ᠴᠣᠭᠵᠢᠯᠮ᠎ᠠ ᠢᠢ ᠵᠠᠰᠠᠭ ᠤᠨ ᠭᠠᠵᠠᠷ ᠤᠨ ᠲᠤᠬᠠᠢ ᠬᠠᠤᠯᠢ ᠢᠢᠨ 17 ᠳ᠋ᠤᠭᠠᠷ ᠵᠦᠢᠯ ᠦᠨ 3᠂ 24 ᠳᠦᠭᠡᠷ ᠵᠦᠢᠯ ᠦᠨ 4 ᠳ᠋ᠡᠬᠢ ᠬᠡᠰᠡᠭ ᠲᠥ ᠵᠢᠭᠠᠭᠰᠠᠨ ᠢ ᠲᠤᠰ ᠲᠤᠰ ᠵᠥᠷᠢᠴᠡᠭᠰᠡᠨ ᠭᠡᠵᠦ ᠦᠵᠡᠵᠦ᠂ ᠡᠭᠦᠷᠭᠡᠲᠦ ᠠᠵᠢᠯ ᠠᠴᠠ ᠨᠢ ᠣᠭᠴᠣᠷᠠᠭᠤᠯᠬᠤ ᠠᠰᠠᠭᠤᠳᠠᠯ ᠢ ᠵᠥᠪᠰᠢᠯᠴᠡᠬᠦ ᠪᠡᠷ ᠢᠷᠡᠭᠦᠯᠦᠭᠰᠡᠨ ᠲᠠᠨ ᠤ 2018 ᠣᠨ ᠤ 12 ᠳ᠋ᠤᠭᠠᠷ ᠰᠠᠷ᠎ᠠ ᠢᠢᠨ 03 ᠍ ᠤ ᠡᠳᠦᠷ ᠦᠨ ЗГ-1/198 ᠳ᠋ᠤᠭᠠᠷ ᠲᠠᠢ ᠠᠯᠪᠠᠨ ᠪᠢᠴᠢᠭ᠌ ᠢ ᠬᠦᠯᠢᠶᠡᠨ ᠠᠪᠴᠤ ᠬᠣᠯᠪᠣᠭᠳᠠᠬᠤ ᠮᠠᠲ᠋ᠧᠷᠢᠠᠯ ᠤᠳ ᠲᠠᠢ ᠲᠠᠨᠢᠯᠴᠠᠯ᠎ᠠ᠃
ᠤᠭ ᠠᠰᠠᠭᠤᠳᠠᠯ ᠢ ᠮᠣᠩ᠋ᠭᠣᠯ ᠤᠯᠤᠰ ᠤᠨ ᠦᠨᠳᠦᠰᠦᠨ ᠬᠠᠤᠯᠢ ᠢᠢᠨ ᠭᠤᠴᠢᠨ ᠶᠢᠰᠦᠳᠦᠭᠡᠷ ᠵᠦᠢᠯ ᠦᠨ 2 ᠳᠠᠬᠢ ᠬᠡᠰᠡᠭ᠂ ᠮᠣᠩ᠋ᠭᠣᠯ ᠤᠯᠤᠰ ᠤᠨ ᠵᠠᠰᠠᠭ ᠤᠨ ᠭᠠᠵᠠᠷ ᠤᠨ ᠲᠤᠬᠠᠢ ᠬᠠᠤᠯᠢ ᠢᠢᠨ 23 ᠳ᠋ᠤᠭᠠᠷ ᠵᠦᠢᠯ ᠦᠨ 1 ᠳ᠋ᠡᠬᠢ ᠬᠡᠰᠡᠭ ᠦᠨ 1 ᠳ᠋ᠡᠬᠢ ᠵᠢᠭᠠᠯᠲᠠ ᠳᠤ ᠵᠢᠭᠠᠭᠰᠠᠨ ᠤ ᠳᠠᠭᠠᠭᠤ ᠤᠯᠤᠰ ᠤᠨ ᠶᠡᠬᠡ ᠬᠤᠷᠠᠯ ᠳᠤ ᠡᠷᠭᠦᠨ ᠮᠡᠳᠡᠭᠦᠯᠵᠦ ᠬᠡᠯᠡᠯᠴᠡᠭᠦᠯᠬᠦ ᠨᠢ ᠵᠦᠢᠲᠡᠢ ᠪᠠᠢᠢᠨ᠎ᠠ》 ᠭᠡᠵᠡᠢ᠃
ᠵᠥᠪᠰᠢᠯᠴᠡᠬᠦ ᠳᠤᠬᠠᠢ ᠠᠯᠪᠠᠨ ᠪᠢᠴᠢᠭ᠌ ᠲᠥ᠄
《ᠮᠣᠩ᠋ᠭᠣᠯ ᠤᠯᠤᠰ ᠤᠨ ᠵᠠᠰᠠᠭ ᠤᠨ ᠭᠠᠵᠠᠷ ᠤᠨ ᠭᠡᠰᠢᠭᠦᠨ-ᠵᠠᠮ᠂ ᠲᠡᠭᠡᠭᠡᠪᠦᠷᠢ ᠢᠢᠨ ᠬᠥᠭ᠍ᠵᠢᠯ ᠦᠨ ᠰᠠᠢᠢᠳ ᠶᠠᠩ᠋ᠭᠤ ᠢᠢᠨ ᠰᠣᠳᠤᠪᠠᠭᠠᠲᠤᠷ ᠢ ᠬᠦᠰᠡᠯᠲᠡ ᠢᠢᠨ ᠬᠢ ᠨᠢ ᠳᠠᠭᠠᠭᠤ ᠡᠭᠦᠷᠭᠡᠲᠦ ᠠᠵᠢᠯ ᠠᠴᠠ ᠨᠢ ᠴᠢᠯᠦᠭᠡᠯᠡᠬᠦ ᠠᠰᠠᠭᠤᠳᠠᠯ ᠢ ᠵᠥᠪᠰᠢᠯᠴᠡᠬᠦ ᠪᠡᠷ ᠢᠷᠡᠭᠦᠯᠦᠭᠰᠡᠨ ᠲᠠᠨ ᠤ 2018 ᠣᠨ ᠤ 12 ᠳ᠋ᠤᠭᠠᠷ ᠰᠠᠷ᠎ᠠ ᠢᠢᠨ 03 ᠍ ᠤ ᠡᠳᠦᠷ ᠦᠨ ЗГ-1/197 ᠳ᠋ᠤᠭᠠᠷ ᠲᠠᠢ ᠠᠯᠪᠠᠨ ᠪᠢᠴᠢᠭ᠌ ᠢ ᠬᠦᠯᠢᠶᠡᠨ ᠠᠪᠴᠤ ᠬᠣᠯᠪᠣᠭᠳᠠᠬᠤ ᠮᠠᠲ᠋ᠧᠷᠢᠠᠯ ᠤᠳ ᠲᠠᠢ ᠲᠠᠨᠢᠯᠴᠠᠯ᠎ᠠ᠃
ᠤᠭ ᠠᠰᠠᠭᠤᠳᠠᠯ ᠢ ᠮᠣᠩ᠋ᠭᠣᠯ ᠤᠯᠤᠰ ᠤᠨ ᠦᠨᠳᠦᠰᠦᠨ ᠬᠠᠤᠯᠢ ᠢᠢᠨ ᠭᠤᠴᠢᠨ ᠶᠢᠰᠦᠳᠦᠭᠡᠷ ᠵᠦᠢᠯ ᠦᠨ 2 ᠳ᠋ᠠᠬᠢ ᠬᠡᠰᠡᠭ᠂ ᠮᠣᠩ᠋ᠭᠣᠯ ᠤᠯᠤᠰ ᠤᠨ ᠵᠠᠰᠠᠭ ᠤᠨ ᠭᠠᠵᠠᠷ ᠤᠨ ᠲᠤᠬᠠᠢ ᠬᠠᠤᠯᠢ ᠢᠢᠨ 23 ᠳ᠋ᠤᠭᠠᠷ ᠵᠦᠢᠯ ᠦᠨ 1 ᠳ᠋ᠡᠬᠢ ᠬᠡᠰᠡᠭ ᠦᠨ 1 ᠳ᠋ᠡᠬᠢ ᠵᠢᠭᠠᠯᠲᠠ ᠳᠤ ᠵᠢᠭᠠᠭᠰᠠᠨ ᠤ ᠳᠠᠭᠠᠭᠤ ᠤᠯᠤᠰ ᠤᠨ ᠶᠡᠬᠡ ᠬᠤᠷᠠᠯ ᠳᠤ ᠡᠷᠭᠦᠨ ᠮᠡᠳᠡᠭᠦᠯᠵᠦ ᠬᠡᠯᠡᠯᠴᠡᠭᠦᠯᠬᠦ ᠨᠢ ᠵᠦᠢᠲᠡᠢ ᠪᠠᠢᠢᠨ᠎ᠠ》 ᠭᠡᠵᠡᠢ᠃