Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ 《ᠬᠦᠮᠦᠨ ᠦ ᠠᠮᠢ ᠨᠠᠰᠤ ᠬᠣᠬᠢᠷᠠᠭᠰᠠᠨ ᠰᠢᠯᠲᠠᠭᠠᠨ ᠨᠥᠬᠥᠴᠡᠯ᠂ ᠤᠷᠢᠳᠴᠢᠯᠠᠨ ᠰᠡᠷᠭᠡᠢᠢᠯᠡᠬᠦ ᠠᠷᠭ᠎ᠠ ᠵᠠᠮ》 ᠰᠡᠳᠦᠪᠲᠦ ᠬᠡᠯᠡᠯᠴᠡᠭᠦᠯᠭᠡ ᠢᠢ ᠨᠡᠭᠡᠭᠡᠵᠦ ᠦᠭᠡ ᠬᠡᠯᠡᠪᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ ᠦᠨᠳᠦᠰᠦᠨ ᠦ ᠠᠶᠤᠯ ᠦᠭᠡᠢ ᠪᠠᠢᠢᠳᠠᠯ ᠤᠨ ᠵᠥᠪᠯᠡᠯ ᠦᠨ ᠠᠵᠢᠯ ᠤᠨ ᠠᠯᠪᠠ᠂ ᠴᠠᠭᠳᠠᠭ᠎ᠠ ᠢᠢᠨ ᠶᠡᠷᠦᠩᠬᠡᠢ ᠭᠠᠵᠠᠷ ᠬᠠᠮᠲᠤᠷᠠᠨ 《ᠬᠦᠮᠦᠨ ᠦ ᠠᠮᠢ ᠨᠠᠰᠤ ᠬᠣᠬᠢᠷᠠᠭᠰᠠᠨ ᠬᠡᠷᠡᠭ ᠦᠨ ᠨᠥᠬᠥᠴᠡᠯ ᠪᠠᠢᠢᠳᠠᠯ᠂ ᠤᠷᠢᠳᠴᠢᠯᠠᠨ ᠰᠡᠷᠭᠡᠢᠢᠯᠡᠬᠦ ᠠᠷᠭ᠎ᠠ ᠵᠠᠮ᠂ ᠪᠠᠢᠢᠭᠤᠯᠤᠯᠭ᠎ᠠ ᠨᠤᠭᠤᠳ ᠤᠨ ᠬᠠᠮᠲᠤ ᠢᠢᠨ ᠠᠵᠢᠯᠯᠠᠭ᠎ᠠ ᠢᠢ ᠰᠠᠢᠢᠵᠢᠷᠠᠭᠤᠯᠬᠤ ᠨᠢ》 ᠰᠡᠳᠦᠪᠲᠦ ᠬᠡᠯᠡᠯᠴᠡᠭᠦᠯᠭᠡ ᠢᠢ ᠲᠥᠷᠥ ᠢᠢᠨ ᠣᠷᠳᠣᠨ ᠤ ᠶᠡᠬᠡ ᠲᠠᠩᠬᠢᠮ ᠳᠤ ᠵᠣᠬᠢᠶᠠᠨ ᠪᠠᠢᠢᠭᠤᠯᠵᠤ ᠪᠠᠢᠢᠨ᠎ᠠ᠃

 

ᠬᠡᠯᠡᠯᠴᠡᠭᠦᠯᠭᠡ ᠳᠥ ᠮᠣᠩ᠋ᠭᠣᠯ ᠤᠯᠤᠰ ᠤᠨ ᠬᠠᠤᠯᠢ ᠵᠦᠢ᠂ ᠳᠣᠲᠣᠭᠠᠳᠤ ᠬᠡᠷᠡᠭ ᠦᠨ ᠰᠠᠢᠢᠳ ᠴ ∙ ᠨᠢᠮᠠᠳᠣᠷᠵᠢ᠂ ᠮᠣᠩ᠋ᠭᠣᠯ ᠤᠯᠤᠰ ᠤᠨ ᠰᠠᠢᠢᠳ᠂ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠳᠠᠷᠤᠭ᠎ᠠ ᠭ ∙ ᠽᠠᠨᠳᠠᠨᠰᠢᠲᠠᠷ᠎ᠠ᠂ ᠦᠨᠳᠦᠰᠦᠨ ᠦ ᠠᠶᠤᠯ ᠦᠭᠡᠢ ᠪᠠᠢᠢᠳᠠᠯ ᠤᠨ ᠵᠥᠪᠯᠡᠯ ᠢᠢᠨ ᠨᠠᠷᠢᠨ ᠪᠢᠴᠢᠭ᠌ ᠦᠨ ᠳᠠᠷᠤᠭ᠎ᠠ ᠠ᠊ ∙ ᠭᠠᠩᠰᠦ᠋ᠬᠡ ᠵᠡᠷᠭᠡ ᠠᠯᠪᠠᠨ ᠤ ᠬᠦᠮᠦᠰ᠂ ᠦᠨᠳᠦᠰᠦᠨ ᠦ ᠠᠶᠤᠯ ᠦᠭᠡᠢ ᠪᠠᠢᠢᠳᠠᠯ ᠢ ᠬᠠᠩ᠋ᠭᠠᠬᠤ ᠲᠤᠰᠬᠠᠢᠢᠯᠠᠭᠰᠠᠨ ᠴᠢᠭ᠌ ᠡᠭᠦᠷᠭᠡ ᠪᠦᠬᠦᠢ ᠴᠠᠭᠳᠠᠭ᠎ᠠ ᠢᠢᠨ ᠶᠡᠷᠦᠩᠬᠡᠢ ᠭᠠᠵᠠᠷ᠂ ᠣᠨᠴᠣᠭᠣᠢ ᠪᠠᠢᠢᠳᠠᠯ ᠤᠨ ᠶᠡᠷᠤᠩᠬᠡᠢ ᠭᠠᠵᠠᠷ᠂ ᠰᠢᠬᠦᠬᠦ ᠢᠢᠨ ᠰᠢᠢᠳᠪᠦᠷᠢ ᠭᠦᠢᠴᠡᠳᠭᠡᠬᠦ ᠶᠡᠷᠦᠩᠬᠡᠢ ᠭᠠᠵᠠᠷ᠂ ᠮᠡᠷᠭᠡᠵᠢᠯ ᠦᠨ ᠬᠢᠨᠠᠯᠲᠠ ᠢᠢᠨ ᠶᠡᠷᠦᠩᠬᠡᠢ ᠭᠠᠵᠠᠷ ᠵᠡᠷᠭᠡ ᠪᠠᠢᠢᠭᠤᠯᠤᠯᠭ᠎ᠠ ᠨᠤᠭᠤᠳ ᠤᠨ ᠲᠡᠷᠢᠭᠦᠨ᠂ ᠠᠵᠢᠯᠲᠠᠨ᠂ ᠠᠯᠪᠠ ᠬᠠᠭᠠᠭᠴᠢᠳ ᠣᠷᠣᠯᠴᠠᠵᠤ ᠪᠠᠢᠢᠨ᠎ᠠ᠃

 

ᠬᠡᠯᠡᠯᠴᠡᠭᠦᠯᠭᠡ ᠢᠢ ᠨᠡᠭᠡᠭᠡᠵᠦ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠄

ᠲᠠ ᠪᠦᠬᠦᠨ ᠦ ᠠᠮᠤᠷ ᠢ ᠡᠷᠢᠶ᠎ᠡ!

ᠮᠣᠩ᠋ᠭᠣᠯ ᠤᠯᠤᠰ ᠤᠨ ᠦᠨᠳᠦᠰᠦᠨ ᠦ ᠢᠵᠠᠭᠤᠷ ᠠᠰᠢᠭ ᠰᠣᠨᠢᠷᠬᠠᠯ ᠢ ᠬᠠᠩ᠋ᠭᠠᠬᠤ ᠭᠠᠳᠠᠭᠠᠳᠤ᠂ ᠳᠣᠲᠣᠭᠠᠳᠤ ᠲᠠᠭᠠᠲᠠᠢ ᠨᠥᠬᠥᠴᠡᠯ ᠢ ᠬᠠᠩ᠋ᠭᠠᠵᠤ ᠪᠦᠷᠢᠳᠦᠭᠦᠯᠬᠦ ᠢᠢ ᠦᠨᠳᠦᠰᠦᠨ ᠦ ᠠᠶᠤᠯ ᠦᠭᠡᠢ ᠪᠠᠢᠢᠳᠠᠯ ᠭᠡᠳᠡᠭ᠃ ᠡᠨᠡ ᠴᠢᠭ᠌ ᠡᠭᠦᠷᠭᠡ ᠢᠢ ᠬᠠᠤᠯᠢ ᠪᠠᠷ ᠡᠭᠦᠷᠭᠡ ᠬᠦᠯᠢᠶᠡᠭᠰᠡᠨ 11 ᠲᠥᠷᠥ ᠢᠢᠨ ᠪᠠᠢᠢᠭᠤᠯᠤᠯᠭ᠎ᠠ ᠬᠡᠷᠡᠭᠵᠢᠭᠦᠯᠦᠨ ᠠᠵᠢᠯᠯᠠᠵᠤ ᠪᠠᠢᠢᠨ᠎ᠠ᠃

 

ᠦᠨᠳᠦᠰᠦᠨ ᠦ ᠠᠶᠤᠯ ᠦᠭᠡᠢ ᠪᠠᠢᠢᠳᠠᠯ ᠢ ᠬᠠᠩ᠋ᠭᠠᠬᠤ ᠲᠤᠰᠬᠠᠢᠢᠯᠠᠭᠰᠠᠨ ᠴᠢᠭ᠌ ᠡᠭᠦᠷᠭᠡ ᠲᠡᠢ ᠪᠠᠢᠢᠭᠤᠯᠤᠯᠭ᠎ᠠ ᠨᠤᠭᠤᠳ ᠤᠨ ᠬᠠᠮᠲᠤ ᠢᠢᠨ ᠦᠢᠯᠡ ᠠᠵᠢᠯᠯᠠᠭ᠎ᠠ ᠢᠢ ᠤᠶᠠᠯᠳᠤᠭᠤᠯᠤᠨ ᠵᠣᠬᠢᠴᠠᠭᠤᠯᠬᠤ ᠴᠢᠭᠯᠡᠯ ᠢᠶᠡᠷ ᠮᠢᠨᠦ ᠪᠡᠶ᠎ᠡ ᠣᠨᠴᠠᠭᠠᠢᠢᠯᠠᠨ ᠠᠩ᠋ᠬᠠᠷᠴᠤ᠂ ᠳᠡᠭᠡᠷᠡᠬᠢ ᠪᠠᠢᠢᠭᠤᠯᠤᠯᠭ᠎ᠠ ᠨᠤᠭᠤᠳ ᠤᠨ ᠤᠳᠤᠷᠢᠳᠤᠯᠭ᠎ᠠ ᠨᠤᠭᠤᠳ ᠲᠠᠢ 3 ᠤᠳᠠᠭ᠎ᠠ ᠪᠡᠶᠡᠴᠢᠯᠡᠨ ᠠᠭᠤᠯᠵᠠᠵᠤ᠂ ᠡᠭᠦᠷᠭᠡ ᠴᠢᠭᠯᠡᠯ ᠥᠭ᠍ᠭᠦᠭ᠍ᠰᠡᠨ᠃ ᠲᠤᠰᠬᠠᠢᠢᠯᠠᠭᠰᠠᠨ ᠴᠢᠭ᠌ ᠡᠭᠦᠷᠭᠡ ᠲᠡᠢ ᠪᠠᠢᠢᠭᠤᠯᠤᠯᠭ᠎ᠠ ᠨᠤᠭᠤᠳ ᠬᠠᠮᠲᠤᠷᠠᠨ ᠬᠡᠷᠡᠭᠵᠢᠭᠦᠯᠬᠦ ᠨᠢᠭᠡᠳᠦᠭᠰᠡᠨ ᠲᠥᠯᠥᠪᠯᠡᠭᠡ ᠢᠢ ᠭᠠᠷᠭᠠᠵᠤ ᠠᠵᠢᠯᠯᠠᠭᠰᠠᠨ ᠢᠶᠠᠷ ᠲᠣᠳᠣᠷᠬᠠᠢ ᠦᠷ᠎ᠡ ᠳ᠋ᠦᠩ ᠠᠵᠢᠭᠯᠠᠭᠳᠠᠵᠤ ᠪᠠᠢᠢᠨ᠎ᠠ᠃ ᠥᠨᠥᠳᠥᠷ ᠦᠨ ᠬᠡᠯᠡᠯᠴᠡᠭᠦᠯᠭᠡ ᠨᠢ ᠦᠨᠳᠦᠰᠦᠨ ᠦ ᠠᠶᠤᠯ ᠦᠭᠡᠢ ᠪᠠᠢᠢᠳᠠᠯ ᠢ ᠬᠠᠩ᠋ᠭᠠᠬᠤ ᠲᠤᠰᠬᠠᠢᠢᠯᠠᠭᠰᠠᠨ ᠴᠢᠭ᠌ ᠡᠭᠦᠷᠭᠡ ᠲᠡᠢ ᠪᠠᠢᠢᠭᠤᠯᠤᠯᠭ᠎ᠠ ᠨᠤᠭᠤᠳ ᠤᠨ ᠬᠠᠮᠲᠤᠷᠠᠨ ᠬᠡᠷᠡᠭᠵᠢᠭᠦᠯᠬᠦ ᠨᠢᠭᠡᠳᠦᠭᠰᠡᠨ ᠲᠥᠯᠦᠪᠯᠡᠭᠡᠨ ᠳᠥ ᠲᠤᠰᠬᠠᠭᠳᠠᠭᠰᠠᠨ ᠠᠷᠭ᠎ᠠ ᠬᠡᠮᠵᠢᠶ᠎ᠡ ᠨᠦᠭᠦᠳ ᠦᠨ ᠨᠢᠭᠡ ᠶᠠᠭᠤᠮ᠎ᠠ᠃

 

《ᠬᠦᠮᠦᠨ ᠦ ᠠᠮᠢ ᠨᠠᠰᠤ ᠬᠣᠬᠢᠷᠠᠭᠰᠠᠨ ᠬᠡᠷᠡᠭ ᠦᠨ ᠨᠥᠬᠥᠴᠡᠯ ᠪᠠᠢᠢᠳᠠᠯ᠂ ᠲᠡᠭᠦᠨ ᠡᠴᠡ ᠤᠷᠢᠳᠴᠢᠯᠠᠨ ᠰᠡᠷᠭᠡᠢᠢᠯᠡᠬᠦ ᠠᠷᠭ᠎ᠠ ᠵᠠᠮ᠂ ᠪᠠᠢᠢᠭᠤᠯᠤᠯᠭ᠎ᠠ ᠨᠤᠭᠤᠳ ᠤᠨ ᠬᠠᠮᠲᠤ ᠢᠢᠨ ᠠᠵᠢᠯᠯᠠᠭ᠎ᠠ ᠢᠢ ᠰᠠᠢᠢᠵᠢᠷᠠᠭᠤᠯᠬᠤ ᠨᠢ》 ᠰᠡᠳᠦᠪ ᠢ ᠬᠥᠨᠳᠡᠨ ᠬᠡᠯᠡᠯᠴᠡᠭᠦᠯᠭᠡ ᠵᠣᠬᠢᠶᠠᠨ ᠪᠠᠢᠢᠭᠤᠯᠵᠤ ᠪᠠᠢᠢᠭ᠎ᠠ ᠨᠢ ᠥᠨᠥ ᠴᠠᠭ ᠲᠤ ᠴᠠᠭ ᠢᠶᠠᠨ ᠣᠯᠤᠭᠰᠠᠨ ᠭᠡᠵᠦ ᠦᠵᠡᠵᠦ ᠪᠠᠢᠢᠨ᠎ᠠ᠃

 

ᠵᠠᠮ ᠲᠡᠭᠡᠭᠡᠪᠦᠷᠢ ᠢᠢᠨ ᠣᠰᠣᠯ᠂ ᠬᠥᠳᠡᠯᠮᠦᠷᠢ ᠢᠢᠨ ᠠᠶᠤᠯ ᠦᠭᠡᠢ ᠪᠠᠢᠢᠳᠠᠯ ᠤᠨ ᠣᠰᠣᠯ᠂ ᠵᠣᠯ ᠦᠭᠡᠢ ᠪᠠᠢᠢᠳᠠᠯ ᠢᠶᠠᠷ ᠠᠮᠢ ᠨᠠᠰᠤ ᠪᠠᠨ ᠠᠯᠳᠠᠬᠤ᠂ ᠠᠷᠢᠬᠢ᠂ ᠰᠤᠭᠳᠤᠭᠤᠷᠠᠭᠤᠯᠬᠤ ᠤᠮᠳᠠᠭᠠᠨ ᠳᠤ ᠬᠣᠣᠷᠳᠠᠬᠤ᠂ ᠠᠮᠢ ᠪᠠᠨ ᠬᠤᠤᠷᠯᠠᠬᠤ᠂ ᠬᠦᠴᠦᠷᠬᠡᠢᠢᠯᠡᠯ᠂ ᠪᠤᠰᠤᠳ ᠲᠤ ᠬᠣᠣᠷᠯᠠᠭᠳᠠᠬᠤ᠂ ᠪᠤᠰᠤᠳ ᠣᠰᠣᠯ ᠭᠡᠮᠲᠦᠯ᠂ ᠬᠢᠮᠢ ᠢᠢᠨ ᠪᠣᠳᠠᠰ ᠤᠨ ᠬᠣᠣᠷᠳᠠᠯᠭ᠎ᠠ᠂ ᠡᠪᠡᠳᠴᠢᠯᠡᠯ ᠪᠠ ᠭᠠᠳᠠᠨ᠎ᠠ ᠢᠢᠨ ᠰᠢᠯᠲᠠᠭᠠᠨᠳᠤ ᠨᠠᠰᠤ ᠪᠠᠷᠠᠯᠲᠠ ᠪᠠᠷ ᠮᠣᠩ᠋ᠭᠣᠯ ᠤᠯᠤᠰ ᠲᠤ ᠡᠳᠦᠷ ᠲᠤ ᠳᠤᠮᠳᠠᠵᠢ ᠪᠠᠷ 40-45᠂ ᠵᠢᠯ ᠳᠥ ᠳᠤᠮᠳᠠᠵᠢ ᠪᠠᠷ 15-17 ᠮᠢᠩ᠋ᠭᠠᠨ ᠬᠦᠮᠦᠨ ᠠᠮᠢ ᠪᠠᠨ ᠠᠯᠳᠠᠵᠤ ᠪᠠᠢᠢᠭ᠎ᠠ ᠭᠡᠰᠡᠨ ᠳ᠋ᠦᠩ ᠭᠠᠷᠴᠠᠢ᠃ ᠡᠨᠡ ᠨᠢ ᠢᠷᠭᠡᠨ ᠦ ᠳᠠᠢᠢᠨ ᠲᠠᠢ ᠰᠢᠷᠢ ᠤᠯᠤᠰ ᠲᠤ ᠡᠨᠡ ᠣᠨ ᠤ ᠡᠬᠢᠨ ᠦ 10 ᠰᠠᠷ᠎ᠠ ᠢᠢᠨ ᠪᠠᠢᠢᠳᠠᠯ ᠢᠶᠠᠷ 18 ᠮᠢᠩ᠋ᠭ᠎ᠠ ᠣᠷᠴᠢᠮ ᠡᠩ ᠦᠨ ᠢᠷᠭᠡᠨ᠂ ᠴᠡᠷᠢᠭ ᠪᠣᠯᠤᠨ ᠪᠣᠰᠤᠭᠴᠢ ᠠᠯᠠᠭᠳᠠᠭᠰᠠᠨ ᠭᠡᠬᠦ ᠲᠣᠭ᠎ᠠ ᠲᠠᠢ ᠣᠢᠢᠷᠠᠯᠴᠠᠭ᠎ᠠ ᠣᠴᠢᠵᠤ ᠪᠠᠢᠢᠨ᠎ᠠ᠃ ᠡᠨᠡ ᠶᠠᠭᠤ ᠭᠡᠰᠡᠨ ᠦᠭᠡ ᠪᠤᠢ᠂ ᠪᠢᠳᠡ ᠳᠠᠢᠢᠨ ᠤ ᠨᠥᠬᠥᠴᠡᠯ ᠳᠥ ᠠᠮᠢᠳᠤᠷᠠᠵᠤ ᠪᠠᠢᠢᠭ᠎ᠠ ᠲᠠᠢ ᠨᠢᠭᠡᠨ ᠠᠳᠠᠯᠢ ᠪᠣᠯᠵᠠᠢ᠃

 

ᠳᠡᠭᠡᠷᠡᠬᠢ ᠬᠠᠷᠠᠮᠰᠠᠯᠲᠠᠢ ᠨᠥᠬᠥᠴᠡᠯ ᠪᠠᠢᠢᠳᠠᠯ ᠨᠢ ᠬᠦᠮᠦᠨ ᠠᠮᠠ ᠪᠠᠨ ᠡᠷᠡᠭᠦᠯ᠂ ᠠᠶᠤᠯ ᠦᠭᠡᠢ ᠤᠷᠴᠢᠨ ᠳᠤ ᠠᠮᠢᠳᠤᠷᠠᠭᠤᠯᠬᠤ ᠬᠠᠤᠯᠢ ᠪᠠᠷ ᠬᠦᠯᠢᠶᠡᠭᠰᠡᠨ ᠡᠭᠦᠷᠭᠡ ᠪᠡᠨ ᠲᠥᠷᠥ ᠪᠡᠶᠡᠯᠡᠭᠦᠯᠬᠦ ᠦᠭᠡᠢ ᠪᠠᠢᠢᠭ᠎ᠠ ᠲᠠᠢ ᠰᠢᠭᠤᠳ ᠬᠣᠯᠪᠣᠭ᠎ᠠ ᠲᠠᠢ᠃ ᠡᠢᠢᠮᠦ ᠡᠴᠡ ᠵᠣᠯ ᠦᠭᠡᠢ ᠦᠬᠦᠯ ᠦᠨ ᠲᠣᠭ᠎ᠠ ᠢᠢ ᠪᠠᠭᠤᠷᠠᠭᠤᠯᠬᠤ ᠴᠢᠭᠯᠡᠯ ᠢᠶᠡᠷ ᠲᠠ ᠪᠦᠬᠦᠨ ᠬᠡᠷᠬᠢᠨ᠂ ᠶᠠᠮᠠᠷ ᠠᠷᠭ᠎ᠠ ᠬᠡᠮᠵᠢᠶ᠎ᠡ ᠠᠪᠴᠤ ᠠᠵᠢᠯᠯᠠᠬᠤ ᠲᠠᠯ᠎ᠠ ᠪᠠᠷ ᠨᠤᠬᠤᠴᠠᠲᠠᠢ ᠵᠥᠪᠯᠡᠯᠳᠦᠵᠦ᠂ ᠲᠣᠳᠣᠷᠬᠠᠢ ᠰᠢᠢᠳᠦᠯ ᠭᠠᠷᠭᠠᠵᠤ᠂ ᠦᠷ᠎ᠡ ᠳ᠋ᠦᠩᠲᠡᠢ ᠬᠡᠷᠡᠭᠵᠢᠭᠦᠯᠦᠨ᠎ᠡ ᠭᠡᠵᠦ ᠨᠠᠢᠢᠳᠠᠵᠤ ᠪᠠᠢᠢᠨ᠎ᠠ᠃ ᠮᠣᠩ᠋ᠭᠣᠯ ᠤᠯᠤᠰ ᠲᠤ ᠮᠣᠩ᠋ᠭᠣᠯ ᠬᠦᠮᠦᠨ ᠡᠴᠡ ᠢᠯᠡᠭᠦᠦ ᠦᠨᠡᠲᠡᠢ ᠺᠠᠫᠢᠲ᠋ᠠᠯ ᠭᠡᠵᠦ ᠪᠠᠢᠢᠬᠤ ᠶᠣᠰᠣ ᠦᠭᠡᠢ᠃

 

ᠡᠨᠡᠬᠦ ᠬᠡᠯᠡᠯᠴᠡᠭᠦᠯᠭᠡ ᠢᠢ ᠵᠢᠯ ᠪᠦᠷᠢ ᠤᠯᠠᠮᠵᠢᠯᠠᠯ ᠪᠣᠯᠭᠠᠨ ᠵᠣᠬᠢᠶᠠᠨ ᠪᠠᠢᠢᠭᠤᠯᠬᠤ ᠴᠢᠭᠯᠡᠯ ᠢ ᠲᠠ ᠪᠦᠬᠦᠨ ᠳᠥ ᠥᠭᠴᠦ ᠪᠠᠢᠢᠨ᠎ᠠ᠃ ᠬᠣᠢᠢᠲᠤᠨ ᠵᠢᠯ ᠲᠠ ᠪᠦᠬᠦᠨ ᠠᠬᠢᠨ ᠴᠤᠭᠯᠠᠷᠠᠬᠤ ᠳᠤ ᠳᠡᠭᠡᠷ᠎ᠡ ᠳᠤᠷᠠᠳᠤᠭᠳᠠᠭᠰᠠᠨ ᠵᠣᠬᠢᠰ ᠦᠭᠡᠢ ᠲᠣᠭ᠎ᠠ ᠨᠤᠭᠤᠳ ᠪᠠᠭᠤᠷᠠᠭᠰᠠᠨ ᠳ᠋ᠦᠩ ᠲᠡᠢ ᠠᠭᠤᠯᠵᠠᠬᠤ ᠶᠣᠰᠣᠲᠠᠢ ᠭᠡᠵᠦ ᠪᠣᠳᠣᠵᠤ ᠪᠠᠢᠢᠨ᠎ᠠ᠃ ᠡᠢᠢᠮᠦ ᠯᠠ ᠦᠷ᠎ᠡ ᠳ᠋ᠦᠩ ᠢ ᠲᠠ ᠪᠦᠬᠦᠨ ᠡᠴᠡ ᠬᠦᠯᠢᠶᠡᠶ᠎ᠡ᠃

 

ᠢᠩᠭᠢᠭᠡᠳ 《ᠬᠦᠮᠦᠨ ᠦ ᠠᠮᠢ ᠨᠠᠰᠤ ᠬᠣᠬᠢᠷᠠᠭᠰᠠᠨ ᠬᠡᠷᠡᠭ ᠦᠨ ᠨᠥᠬᠥᠴᠡᠯ ᠪᠠᠢᠢᠳᠠᠯ᠂ ᠤᠷᠢᠳᠴᠢᠯᠠᠨ ᠰᠡᠷᠭᠡᠢᠢᠯᠡᠬᠦ ᠠᠷᠭ᠎ᠠ ᠵᠠᠮ᠂ ᠪᠠᠢᠢᠭᠤᠯᠤᠯᠭ᠎ᠠ ᠨᠤᠭᠤᠳ ᠤᠨ ᠬᠠᠮᠲᠤ ᠢᠢᠨ ᠠᠵᠢᠯᠯᠠᠭ᠎ᠠ ᠢᠢ ᠰᠠᠢᠢᠵᠢᠷᠠᠭᠤᠯᠬᠤ ᠨᠢ》 ᠰᠡᠳᠦᠪ ᠦᠨ ᠬᠦᠷᠢᠶᠡᠨ ᠳᠥ ᠵᠣᠬᠢᠶᠠᠨ ᠪᠠᠢᠢᠭᠤᠯᠵᠤ ᠪᠤᠢ ᠬᠡᠯᠡᠯᠴᠡᠭᠦᠯᠭᠡ ᠨᠡᠭᠡᠭᠡᠭ᠍ᠰᠡᠨ ᠢ ᠮᠡᠳᠡᠭᠳᠡᠵᠦ᠂ ᠬᠡᠯᠡᠯᠴᠡᠭᠦᠯᠭᠡ ᠢᠢᠨ ᠦᠢᠯᠡ ᠠᠵᠢᠯᠯᠠᠭᠠᠨ ᠳᠤ ᠠᠮᠵᠢᠯᠲᠠ ᠬᠦᠰᠡᠶ᠎ᠡ》 ᠭᠡᠯ᠎ᠡ᠃

 

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢ ᠦᠭᠡ ᠬᠡᠯᠡᠵᠦ ᠳᠠᠭᠤᠰᠤᠭᠰᠠᠨ ᠤ ᠳᠠᠷᠠᠭ᠎ᠠ ᠴᠠᠭᠳᠠᠭ᠎ᠠ ᠢᠢᠨ ᠶᠡᠷᠦᠩᠬᠡᠢ ᠭᠠᠵᠠᠷ ᠤᠨ ᠳᠠᠷᠤᠭ᠎ᠠ᠂ ᠳᠣᠲᠣᠭᠠᠳᠤ ᠢᠢᠨ ᠴᠡᠷᠢᠭ ᠦᠨ ᠺᠣᠮᠠᠨ᠋ᠳ᠋ᠯᠠᠭᠴᠢ᠂ ᠴᠠᠭᠳᠠᠭ᠎ᠠ ᠢᠢᠨ ᠬᠤᠷᠠᠨᠳᠠ ᠰ ∙ ᠪᠠᠭᠠᠲᠤᠷᠵᠠᠪ ᠬᠡᠯᠡᠯᠴᠡᠭᠦᠯᠭᠡ ᠢᠢᠨ ᠰᠡᠳᠦᠪ ᠲᠡᠢ ᠬᠣᠯᠪᠣᠭᠳᠠᠭᠤᠯᠤᠨ ᠡᠬᠢᠨ ᠦ ᠢᠯᠡᠳᠬᠡᠯ ᠢ ᠲᠠᠯᠪᠢᠵᠤ ᠪᠠᠢᠢᠨ᠎ᠠ᠃