ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳᠠᠯᠠᠭᠴᠢ ᠬ ∙ ᠪᠠᠲᠤᠲᠤᠯᠭ᠎ᠠ ᠵᠡᠪᠰᠡᠭᠲᠦ ᠬᠦᠴᠦᠨ ᠦ ᠠᠭᠠᠷ ᠤᠨ ᠴᠡᠷᠢᠭ ᠦᠨ ᠺᠣᠮᠠᠨ᠋ᠳ᠋ᠯᠠᠯ᠂ ᠠᠩᠭᠢ ᠪᠠᠢᠢᠭᠤᠯᠤᠯᠭ᠎ᠠ ᠳᠤ ᠠᠵᠢᠯᠯᠠᠵᠤ ᠪᠠᠢᠢᠭᠰᠠᠨ ᠠᠬᠠᠮᠠᠳ ᠳᠠᠢᠢᠴᠢᠳ ᠢ ᠬᠦᠰᠡᠯᠲᠡ ᠢᠢᠨ ᠬᠢ ᠨᠢ ᠳᠠᠭᠠᠭᠤ ᠥᠨᠥᠳᠥᠷ ᠬᠦᠯᠢᠶᠡᠨ ᠠᠪᠴᠤ ᠠᠭᠤᠯᠵᠠᠯ᠎ᠠ᠃
ᠵᠡᠪᠰᠡᠭᠲᠦ ᠬᠦᠴᠦᠨ ᠦ ᠠᠭᠠᠷ ᠤᠨ ᠴᠡᠷᠢᠭ ᠦᠨ ᠺᠣᠮᠠᠨ᠋ᠳ᠋ᠯᠠᠯ᠂ ᠠᠩᠭᠢ ᠪᠠᠢᠢᠭᠤᠯᠤᠯᠭ᠎ᠠ ᠳᠤ ᠠᠵᠢᠯᠯᠠᠵᠤ ᠪᠠᠢᠢᠭᠰᠠᠨ ᠠᠬᠠᠮᠠᠳ ᠳᠠᠢᠢᠴᠢᠳ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠴᠠᠭ ᠵᠠᠪ ᠭᠠᠷᠭᠠᠨ ᠬᠦᠯᠢᠶᠡᠨ ᠠᠪᠴᠤ ᠠᠭᠤᠯᠵᠠᠭᠰᠠᠨ ᠳᠤ ᠲᠠᠯᠠᠷᠬᠠᠯ ᠢᠯᠡᠷᠬᠡᠢᠢᠯᠡᠭᠡᠳ᠂ ᠠᠭᠠᠷ ᠤᠨ ᠣᠷᠣᠨ ᠵᠠᠢ᠂ ᠬᠠᠮᠠᠭᠠᠯᠠᠯᠲᠠ᠂ ᠬᠢᠯᠢ ᠢᠢᠨ ᠲᠤᠬᠠᠢ ᠬᠠᠤᠯᠢ ᠵᠡᠷᠭᠡ ᠰᠡᠳᠦᠪ ᠦᠨ ᠬᠦᠷᠢᠶᠡᠨ ᠳᠥ ᠥᠪᠡᠷᠰᠡᠳ ᠦᠨ ᠰᠠᠨᠠᠯ ᠪᠣᠳᠣᠯ ᠢ ᠢᠯᠡᠷᠬᠡᠢᠢᠯᠡᠵᠦ᠂ ᠶᠠᠷᠢᠯᠴᠠᠯ᠎ᠠ᠃
ᠮᠥᠨ ᠳᠡᠭᠡᠷᠡᠬᠢ ᠠᠰᠠᠭᠤᠳᠠᠯ ᠤᠨ ᠬᠦᠷᠢᠶᠡᠨ ᠳᠥ ᠠᠩ᠋ᠬᠠᠷᠬᠤ᠂ ᠰᠢᠨᠡᠳᠭᠡᠬᠦ ᠶᠣᠰᠣᠲᠠᠢ ᠭᠡᠵᠦ ᠦᠵᠡᠵᠦ ᠪᠤᠢ ᠰᠠᠨᠠᠯ ᠢᠶᠠᠨ ᠨᠢᠭᠡᠳᠬᠡᠵᠦ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠤᠯᠠᠮᠵᠢᠯᠠᠪᠠ᠃