Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠬᠠᠷᠴᠠᠭ᠎ᠠ ᠣᠷᠭᠢᠬᠤ ᠢᠢᠨ ᠬᠠᠩ᠋ᠭᠠᠢ ᠶᠡᠷᠦᠩᠬᠡᠢᠢᠯᠡᠭᠴᠢ ᠢᠢᠨ ᠨᠡᠷᠡᠮᠵᠢᠲᠦ ᠴᠣᠮᠣ ᠢᠢᠨ ᠡᠵᠡᠨ ᠪᠣᠯᠤᠯ᠎ᠠ

ᠮᠣᠩ᠋ᠭᠣᠯᠴᠤᠳ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 107 ᠵᠢᠯ ᠦᠨ ᠣᠢ ᠢᠢᠨ ᠡᠳᠦᠷ ᠲᠥ ᠵᠣᠷᠢᠭᠤᠯᠤᠭᠰᠠᠨ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠨᠡᠷᠡᠮᠵᠢᠲᠦ ᠴᠣᠮᠣ ᠢᠢᠨ ᠲᠥᠯᠦᠭᠡᠬᠢ ᠴᠢᠨᠰᠠᠭ᠎ᠠ ᠥᠨᠳᠥᠷ᠂ ᠰᠢᠭᠰᠢᠮᠡᠯ 128 ᠪᠥᠬᠡ ᠢᠢᠨ ᠪᠠᠷᠢᠯᠳᠤᠭᠠᠨ ᠳᠤ ᠬᠣᠪᠳᠣ ᠠᠢᠢᠮᠠᠭ ᠤᠨ ᠪᠤᠶᠠᠨᠲᠤ ᠰᠤᠮᠤ ᠢᠢᠨ ᠬᠠᠷᠢᠶᠠᠲᠤ ᠮᠣᠩ᠋ᠭᠣᠯ ᠤᠯᠤᠰ ᠤᠨ ᠬᠠᠷᠴᠠᠭ᠎ᠠ ᠣᠷᠭᠢᠬᠤ ᠢᠢᠨ ᠬᠠᠩ᠋ᠭᠠᠢ ᠳᠣᠯᠣᠭ᠎ᠠ ᠲᠠᠪᠠᠨ ᠲᠦᠷᠦᠭᠦᠯᠡᠵᠦ᠂ ᠤᠪᠰᠤ ᠠᠢᠢᠮᠠᠭ ᠤᠨ ᠬᠣᠪᠳᠣ ᠰᠤᠮᠤ ᠢᠢᠨ ᠬᠠᠷᠢᠶᠠᠲᠤ ᠪᠥᠬᠡ᠂ ᠮᠣᠩ᠋ᠭᠣᠯ ᠤᠯᠤᠰ ᠤᠨ ᠠᠪᠤᠷᠭᠤ ᠨᠠᠮᠰᠠᠷᠠᠢᠢᠵᠠᠪ ᠤᠨ ᠪᠠᠲᠤᠰᠠᠭᠤᠷᠢ ᠦᠵᠦᠭᠦᠷᠯᠡᠯ᠎ᠡ᠃

 

ᠶᠡᠷᠦᠩᠬᠡᠢᠢᠯᠡᠭᠴᠢ ᠢᠢᠨ ᠨᠡᠷᠡᠮᠵᠢᠲᠦ ᠴᠣᠮᠣ ᠭᠠᠷᠳᠠᠭᠤᠯᠬᠤ ᠲᠤᠬᠠᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠵᠠᠷᠯᠢᠭ ᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠᠵ ∙ ᠡᠩᠬᠡᠪᠣᠯᠤᠳ ᠤᠩᠰᠢᠵᠤ ᠰᠣᠨᠣᠷᠳᠠᠭᠤᠯᠤᠭᠰᠠᠨ ᠤ ᠳᠠᠷᠠᠭ᠎ᠠ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠮᠣᠩ᠋ᠭᠣᠯ ᠤᠯᠤᠰ ᠤᠨ ᠬᠠᠷᠴᠠᠭ᠎ᠠ ᠣ᠊ ∙ ᠬᠠᠩ᠋ᠭᠠᠢ ᠳᠤ ᠶᠡᠷᠦᠩᠬᠡᠢᠢᠯᠡᠭᠴᠢ ᠢᠢᠨ ᠨᠡᠷᠡᠮᠵᠢᠲᠦ ᠴᠣᠮᠣ ᠢᠢ ᠭᠠᠷᠳᠠᠭᠤᠯᠤᠨ ᠥᠭ᠍ᠪᠡ᠃

 

ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ ᠣᠢ ᠢᠢᠨ ᠡᠳᠦᠷ ᠲᠥ ᠵᠣᠷᠢᠭᠤᠯᠤᠭᠰᠠᠨ ᠶᠡᠷᠦᠩᠬᠡᠢᠢᠯᠡᠭᠴᠢ ᠢᠢᠨ ᠨᠡᠷᠡᠮᠵᠢᠲᠦ ᠴᠣᠮᠣ ᠢᠢᠨ ᠲᠥᠯᠦᠭᠡᠬᠢ ᠪᠠᠷᠢᠯᠳᠤᠭᠠᠨ ᠳᠤ᠄

 

2011 ᠣᠨ ᠳᠤ ᠤᠯᠤᠰ ᠤᠨ ᠠᠪᠤᠷᠭᠤ ᠰ ∙ ᠮᠥᠩᠬᠡᠪᠠᠲᠤ ᠲᠦᠷᠦᠭᠦᠯᠡᠵᠦ᠂ ᠶᠡᠷᠦᠩᠬᠡᠢᠢᠯᠡᠭᠴᠢ ᠢᠢᠨ ᠨᠡᠷᠡᠮᠵᠢᠲᠦ ᠴᠣᠮᠣ ᠢᠢᠨ ᠡᠵᠡᠨ ᠪᠣᠯᠵᠤ ᠪᠠᠢᠢᠪᠠ᠃

2012 ᠣᠨ ᠤ ᠪᠠᠷᠢᠯᠳᠤᠭᠠᠨ ᠳᠤ ᠤᠯᠤᠰ ᠤᠨ ᠵᠠᠭᠠᠨ ᠮ ∙ ᠥᠰᠬᠦᠪᠠᠶᠠᠷ ᠲᠦᠷᠦᠭᠦᠯᠡᠵᠦ᠂ ᠤᠯᠤᠰ ᠤᠨ ᠭᠠᠷᠤᠳᠢ ᠲ ∙ ᠷᠠᠭᠴᠠ ᠦᠵᠦᠭᠦᠷᠯᠡᠪᠡ᠃

2013 ᠣᠨ ᠤ ᠴᠣᠮᠣ ᠢᠢᠨ ᠲᠥᠯᠦᠭᠡᠬᠢ ᠪᠠᠷᠢᠯᠳᠤᠭᠠᠨ ᠳᠤ ᠤᠯᠤᠰ ᠤᠨ ᠨᠠᠴᠢᠨ ᠪ ∙ ᠫᠦᠷᠪᠡᠰᠠᠢᠢᠬᠠᠨ ᠲᠦᠷᠦᠭᠦᠯᠡᠵᠦ᠂ ᠤᠯᠤᠰ ᠤᠨ ᠠᠪᠤᠷᠭᠤ ᠭ ∙ ᠡᠷᠬᠢᠮᠪᠠᠶᠠᠷ ᠦᠵᠦᠭᠦᠷᠯᠡᠵᠦ ᠪᠠᠢᠢᠪᠠ᠃

2014 ᠣᠨ ᠤ ᠪᠠᠷᠢᠯᠳᠤᠭᠠᠨ ᠳᠤ ᠤᠯᠤᠰ ᠤᠨ ᠠᠪᠤᠷᠭᠤ ᠰ ∙ ᠮᠥᠩᠬᠡᠪᠠᠲᠤ ᠲᠦᠷᠦᠭᠦᠯᠡᠵᠦ᠂ ᠶᠡᠷᠦᠩᠬᠡᠢᠢᠯᠡᠭᠴᠢ ᠢᠢᠨ ᠨᠡᠷᠡᠮᠵᠢᠲᠦ ᠴᠣᠮᠣ ᠢᠢ ᠬᠣᠶᠠᠷ ᠳᠠᠬᠢ ᠤᠳᠤᠭ᠎ᠠ ᠪᠠᠨ ᠭᠠᠷᠳᠠᠭᠰᠠᠨ ᠶᠤᠮ᠃ ᠡᠨᠡ ᠪᠠᠷᠢᠯᠳᠤᠭᠠᠨ ᠳᠤ ᠤᠯᠤᠰ ᠤᠨ ᠬᠠᠷᠴᠠᠭ᠎ᠠ ᠲ ∙ ᠥᠰᠬᠦ-ᠢᠷᠡᠭᠡᠳᠦᠢ ᠦᠵᠦᠭᠦᠷᠯᠡᠪᠡ᠃

2015 ᠣᠨ ᠤ ᠪᠠᠷᠢᠯᠳᠤᠭᠠᠨ ᠳᠤ ᠤᠯᠤᠰ ᠤᠨ ᠬᠠᠷᠴᠠᠭ᠎ᠠ ᠪ ∙ ᠫᠦᠷᠪᠡᠰᠠᠢᠢᠬᠠᠨ ᠲᠦᠷᠦᠭᠦᠯᠡᠵᠦ᠂ ᠶᠡᠷᠦᠩᠬᠡᠢᠢᠯᠡᠭᠴᠢ ᠢᠢᠨ ᠨᠡᠷᠡᠮᠵᠢᠲᠦ ᠴᠣᠮᠣ ᠢᠢᠨ ᠡᠵᠡᠨ ᠢᠶᠡᠷ ᠬᠣᠶᠠᠷ ᠳᠠᠬᠢ ᠤᠳᠤᠭ᠎ᠠ ᠪᠠᠨ ᠲᠣᠳᠣᠷᠠᠭᠰᠠᠨ ᠶᠤᠮ᠃ ᠲᠡᠷᠡᠪᠡᠷ ᠶᠡᠷᠦᠩᠬᠡᠢᠢᠯᠡᠭᠴᠢ ᠢᠢᠨ ᠴᠣᠮᠣ ᠢᠢᠨ ᠲᠥᠯᠦᠭᠡᠬᠢ 2013 ᠣᠨ ᠤ ᠪᠠᠷᠢᠯᠳᠤᠭᠠᠨ ᠳᠤ ᠤᠯᠤᠰ ᠤᠨ ᠨᠠᠴᠢᠨ ᠴᠣᠯᠠ ᠲᠠᠢ ᠲᠦᠷᠦᠭᠦᠯᠡᠵᠦ ᠪᠠᠢᠢᠪᠠ᠃ ᠲᠤᠰ ᠪᠠᠷᠢᠯᠳᠤᠭᠠᠨ ᠳᠤ ᠤᠯᠤᠰ ᠤᠨ ᠵᠠᠭᠠᠨ ᠴ ∙ ᠰᠠᠩᠵᠠᠢᠢᠳᠠᠮᠪᠠ ᠦᠵᠦᠭᠦᠷᠯᠡᠭᠰᠡᠨ ᠶᠤᠮ᠃

2016 ᠣᠨ ᠤ ᠪᠠᠷᠢᠯᠳᠤᠭᠠᠨ ᠳᠤ ᠮᠣᠩ᠋ᠭᠣᠯ ᠤᠯᠤᠰ ᠤᠨ ᠠᠷᠰᠯᠠᠨ ᠷ ∙ ᠫᠦᠷᠪᠦᠳᠠᠭᠪᠠ ᠲᠦᠷᠦᠭᠦᠯᠡᠵᠦ᠂ ᠶᠡᠷᠦᠩᠬᠡᠢᠢᠯᠡᠭᠴᠢ ᠢᠢᠨ ᠨᠡᠷᠡᠮᠵᠢᠲᠦ ᠴᠣᠮᠣ ᠢᠢᠨ ᠡᠵᠡᠨ ᠪᠣᠯᠵᠤ ᠪᠠᠢᠢᠪᠠ᠃ ᠤᠭ ᠪᠠᠷᠢᠯᠳᠤᠭᠠᠨ ᠳᠤ ᠮᠣᠩ᠋ᠭᠣᠯ ᠤᠯᠤᠰ ᠤᠨ ᠠᠪᠤᠷᠭᠤ ᠴ ∙ ᠰᠠᠩᠵᠠᠳᠠᠮᠪᠠ ᠦᠵᠦᠭᠦᠷᠯᠡᠵᠦ ᠪᠠᠢᠢᠯ᠎ᠠ᠃

2017 ᠣᠨ ᠤ ᠪᠠᠷᠢᠯᠳᠤᠭᠠᠨ ᠳᠤ ᠤᠪᠰᠤ ᠠᠢᠢᠮᠠᠭ ᠤᠨ ᠲᠡᠰ ᠰᠤᠮᠤ ᠢᠢᠨ ᠬᠠᠷᠢᠶᠠᠲᠤ᠂ ᠮᠣᠩ᠋ᠭᠣᠯ ᠤᠯᠤᠰ ᠤᠨ ᠬᠠᠷᠴᠠᠭ᠎ᠠ ᠲᠥᠷᠥ ᠢᠢᠨ ᠪᠠᠰᠠᠩᠬᠦᠦ ᠲᠦᠷᠦᠭᠦᠯᠡᠵᠦ᠂ ᠰᠡᠯᠡᠩᠭᠡ ᠠᠢᠢᠮᠠᠭ ᠤᠨ ᠮᠠᠨᠳᠤᠯ ᠰᠤᠮᠤ ᠢᠢᠨ ᠬᠠᠷᠢᠶᠠᠲᠤ ᠪᠥᠬᠡ᠂ ᠮᠣᠩ᠋ᠭᠣᠯ ᠤᠯᠤᠰ ᠤᠨ ᠵᠠᠭᠠᠨ ᠨᠢᠭᠡᠳᠦᠯ ᠦᠨ ᠵᠢᠷᠭᠠᠯᠪᠠᠶᠠᠷ ᠦᠵᠦᠭᠦᠷᠯᠡᠵᠦ ᠪᠠᠢᠢᠪᠠ᠃