Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠬᠥᠳᠡᠭᠡ ᠠᠵᠤ ᠠᠬᠤᠢ ᠢᠢᠨ ᠶᠡᠬᠡ ᠰᠤᠷᠭᠠᠭᠤᠯᠢ ᠢᠢ ᠬᠥᠳᠡᠯᠮᠦᠷᠢ ᠢᠢᠨ ᠭᠠᠪᠢᠶᠠᠨ ᠤ ᠤᠯᠠᠭᠠᠨ ᠲᠤᠭ ᠤᠨ ᠣᠳᠣᠨ ᠢᠶᠠᠷ ᠱᠠᠩᠨᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠵᠠᠷᠯᠢᠭ ᠭᠠᠷᠭᠠᠵᠤ ᠮᠣᠩ᠋ᠭᠣᠯ ᠤᠯᠤᠰ ᠤᠨ ᠬᠥᠳᠡᠭᠡ ᠠᠵᠤ ᠠᠬᠤᠢ ᠢᠢᠨ ᠶᠡᠬᠡ ᠰᠤᠷᠭᠠᠭᠤᠯᠢ ᠢᠢ ᠥᠨᠥᠳᠥᠷ ᠲᠥᠷᠥ ᠢᠢᠨ ᠳᠡᠭᠡᠳᠦ ᠱᠠᠩᠨᠠᠯ ᠬᠥᠳᠡᠯᠮᠦᠷᠢ ᠢᠢᠨ ᠭᠠᠪᠢᠶᠠᠨ ᠤ ᠤᠯᠠᠭᠠᠨ ᠲᠤᠭ ᠤᠨ ᠣᠳᠣᠨ ᠢᠶᠠᠷ ᠱᠠᠩᠨᠠᠯ᠎ᠠ᠃

 

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢᠨ ᠬᠥᠳᠡᠯᠮᠦᠷᠢ ᠢᠢᠨ ᠭᠠᠪᠢᠶᠠᠨ ᠤ ᠤᠯᠠᠭᠠᠨ ᠲᠤᠭ ᠤᠨ ᠣᠳᠣᠨ ᠢᠶᠠᠷ ᠱᠠᠩᠨᠠᠬᠤ ᠵᠠᠷᠯᠢᠭ ᠲᠤ᠄

 

《ᠮᠠᠯ ᠠᠵᠤ ᠠᠬᠤᠢ᠂ ᠤᠷᠭᠤᠮᠠᠯ ᠬᠠᠮᠠᠭᠠᠯᠠᠯ᠂ ᠭᠠᠵᠠᠷ ᠲᠠᠷᠢᠶᠠᠯᠠᠩ᠂ ᠮᠠᠯ ᠡᠮᠨᠡᠯᠭᠡ᠂ ᠨᠡᠢᠢᠭᠡᠮ᠂ ᠡᠳ᠋ ᠍ ᠦᠨ ᠵᠠᠰᠠᠭ ᠤᠨ ᠴᠢᠭᠯᠡᠯ ᠦᠨ ᠳᠡᠭᠡᠳᠦ ᠪᠣᠯᠪᠠᠰᠤᠷᠠᠯ ᠲᠠᠢ ᠮᠡᠷᠭᠡᠵᠢᠯᠲᠡᠨ ᠨᠦᠭᠦᠳ ᠢ ᠲᠠᠰᠤᠷᠠᠯᠲᠠ ᠦᠭᠡᠢ ᠪᠡᠯᠡᠳᠬᠡᠵᠦ᠂ ᠲᠤᠰ ᠰᠠᠯᠪᠠᠷ ᠤᠳ ᠢ ᠰᠢᠰᠲ᠋ᠧᠮ ᠲᠡᠢ᠂ ᠦᠷ᠎ᠡ ᠥᠭᠭᠦᠭᠡᠴᠢ ᠲᠡᠢ ᠬᠥᠭ᠍ᠵᠢᠭᠦᠯᠬᠦ ᠪᠣᠯᠤᠮᠵᠢ ᠪᠠᠷ ᠬᠠᠩ᠋ᠭᠠᠵᠤ᠂ ᠰᠤᠷᠭᠠᠯᠲᠠ ᠰᠤᠳᠤᠯᠭ᠎ᠠ ᠢᠢ ᠬᠣᠣᠰᠯᠠᠭᠤᠯᠤᠨ ᠮᠣᠩ᠋ᠭᠣᠯ ᠤᠯᠤᠰ ᠤᠨ ᠬᠥᠳᠡᠭᠡ᠂ ᠠᠵᠤ ᠠᠬᠤᠢ ᠢᠢᠨ ᠬᠥᠭ᠍ᠵᠢᠯ ᠳᠡᠪᠰᠢᠯ ᠳᠥ ᠦᠨᠡᠯᠡᠵᠦ ᠪᠠᠷᠠᠰᠢ ᠦᠭᠡᠢ ᠬᠤᠪᠢ ᠨᠡᠮᠡᠷᠢ ᠣᠷᠣᠭᠤᠯᠤᠭᠰᠠᠨ ᠰᠤᠷᠭᠠᠭᠤᠯᠢ ᠢᠢᠨ ᠦᠶ᠎ᠡ ᠦᠶ᠎ᠡ ᠢᠢᠨ ᠠᠵᠢᠯᠲᠠᠨ ᠠᠯᠪᠠᠨ ᠬᠠᠭᠠᠭᠴᠢ᠂ ᠪᠠᠭᠰᠢ ᠡᠷᠳᠡᠮᠲᠡᠳ ᠦᠨ ᠬᠢᠴᠢᠶᠡᠯ ᠵᠢᠳᠬᠦᠯ ᠢ ᠦᠨᠡᠯᠡᠵᠦ ᠬᠥᠳᠡᠭᠡ᠂ ᠠᠵᠤ ᠠᠬᠤᠢ ᠢᠢᠨ ᠶᠡᠬᠡ ᠰᠤᠷᠭᠠᠭᠤᠯᠢ ᠢᠢ ᠬᠥᠳᠡᠯᠮᠦᠷᠢ ᠢᠢᠨ ᠭᠠᠪᠢᠶᠠᠨ ᠤ ᠤᠯᠠᠭᠠᠨ ᠲᠤᠭ ᠤᠨ ᠣᠳᠣᠨ ᠢᠶᠠᠷ ᠱᠠᠩᠨᠠᠰᠤᠭᠠᠢ》 ᠭᠡᠵᠡᠢ᠃

 

ᠡᠨᠡᠬᠦ ᠵᠠᠷᠯᠢᠭ ᠢ ᠤᠩᠰᠢᠵᠤ ᠲᠠᠨᠢᠯᠴᠠᠭᠤᠯᠤᠭᠰᠠᠨ ᠤ ᠳᠠᠷᠠᠭ᠎ᠠ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠬᠥᠳᠡᠯᠮᠦᠷᠢ ᠢᠢᠨ ᠭᠠᠪᠢᠶᠠᠨ ᠤ ᠤᠯᠠᠭᠠᠨ ᠲᠤᠭ ᠤᠨ ᠣᠳᠣᠨ ᠢ ᠰᠤᠷᠭᠠᠭᠤᠯᠢ ᠢᠢᠨ ᠲᠤᠭ ᠲᠤ ᠬᠦᠨᠳᠦᠳᠬᠡᠯᠲᠡᠢ ᠪᠡᠷ ᠵᠡᠭᠦᠨ ᠥᠭᠴᠦ᠂ ᠪᠠᠲᠤᠯᠠᠮᠵᠢ ᠭᠠᠷᠳᠠᠭᠤᠯᠤᠯ᠎ᠠ᠃ ᠮᠥᠨ ᠲᠤᠰ ᠰᠤᠷᠭᠠᠭᠤᠯᠢ ᠢᠢᠨ ᠡᠷᠳᠡᠮᠲᠡᠨ ᠪᠠᠭᠰᠢ ᠨᠠᠷ᠂ ᠦᠶ᠎ᠡ ᠦᠶ᠎ᠡ ᠢᠢᠨ ᠲᠡᠭᠦᠰᠦᠭᠴᠢ᠂ ᠣᠶᠤᠲᠠᠨ ᠰᠤᠷᠤᠯᠴᠠᠭᠴᠢ᠂ ᠠᠵᠢᠯᠴᠢᠳ ᠲᠤ ᠪᠠᠶᠠᠷ ᠬᠦᠷᠭᠡᠵᠦ ᠦᠭᠡ ᠬᠡᠯᠡᠪᠡ᠃