Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ 《ᠬᠥᠭᠵᠢᠯ ᠦᠨ ᠪᠡᠷᠬᠡᠰᠢᠶᠡᠯ ᠲᠡᠢ ᠬᠡᠦᠬᠡᠳ ᠦᠨ ᠬᠥᠭᠵᠢᠯ ᠦᠨ ᠦᠨᠳᠦᠰᠦᠨ ᠦ ᠲᠥᠪ》 ᠍ ᠦᠨ ᠨᠡᠭᠡᠭᠡᠯᠲᠡ ᠢᠢᠨ ᠶᠣᠰᠣᠯᠠᠯ ᠳᠤ ᠣᠷᠣᠯᠴᠠᠯ᠎ᠠ

ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠪᠤᠴᠠᠯᠲᠠ ᠦᠭᠡᠢ ᠲᠤᠰᠠᠯᠠᠮᠵᠢ ᠪᠠᠷ ᠮᠣᠩ᠋ᠭᠣᠯ ᠤᠯᠤᠰ ᠲᠤ ᠬᠡᠷᠡᠭᠵᠢᠭᠦᠯᠵᠦ ᠪᠤᠢ 《ᠬᠥᠭ᠍ᠵᠢᠯ ᠦᠨ ᠪᠡᠷᠬᠡᠰᠢᠶᠡᠯ ᠲᠡᠢ ᠬᠡᠦᠬᠡᠳ ᠦᠨ ᠬᠥᠭ᠍ᠵᠢᠯ ᠦᠨ ᠲᠥᠪ》 ᠲᠥᠰᠥᠯ ᠳᠠᠭᠤᠰᠴᠤ᠂ ᠬᠥᠭ᠍ᠵᠢᠯ ᠦᠨ ᠲᠥᠪ ᠦᠨ ᠪᠠᠷᠢᠯᠭ᠎ᠠ ᠢᠢ ᠮᠣᠩ᠋ᠭᠣᠯ ᠤᠨ ᠲᠠᠯ᠎ᠠ ᠳᠤ ᠬᠦᠯᠢᠶᠡᠯᠭᠡᠨ ᠥᠭ᠍ᠬᠦ ᠶᠣᠰᠣᠯᠠᠯ ᠤᠨ ᠠᠵᠢᠯᠯᠠᠭ᠎ᠠ ᠥᠨᠥᠳᠥᠷ ᠪᠣᠯᠵᠤ ᠥᠨᠳᠥᠷᠯᠡᠪᠡ᠃

 

ᠶᠣᠰᠣᠯᠠᠯ ᠤᠨ ᠠᠵᠢᠯᠯᠠᠭᠠᠨ ᠳᠤ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ ᠣᠷᠣᠯᠴᠠᠵᠤ᠂ ᠮᠣᠩ᠋ᠭᠣᠯ ᠤᠯᠤᠰ ᠲᠤ ᠬᠦᠯᠢᠶᠡᠯᠭᠡᠨ ᠥᠭᠴᠦ ᠪᠤᠢ ᠬᠥᠭ᠍ᠵᠢᠯ ᠦᠨ ᠪᠡᠷᠬᠡᠰᠢᠶᠡᠯ ᠲᠡᠢ ᠬᠡᠦᠬᠡᠳ ᠦᠨ ᠬᠥᠭ᠍ᠵᠢᠯ ᠦᠨ ᠲᠥᠪ ᠦᠨ ᠦᠢᠯᠡ ᠠᠵᠢᠯᠯᠠᠭ᠎ᠠ ᠲᠠᠢ ᠲᠠᠨᠢᠯᠴᠠᠭᠰᠠᠨ ᠶᠤᠮ᠃

 

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ ᠢ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠠᠴᠠ ᠮᠣᠩ᠋ᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠱᠢᠩ ᠬᠠᠢᠢᠮᠢᠨ ᠤᠭᠲᠤᠨ ᠮᠡᠨᠳᠦᠴᠢᠯᠡᠵᠦ᠂ ᠬᠥᠭ᠍ᠵᠢᠯ ᠦᠨ ᠪᠡᠷᠬᠡᠰᠢᠶᠡᠯ ᠲᠡᠢ ᠬᠡᠦᠬᠡᠳ ᠦᠨ ᠬᠥᠭ᠍ᠵᠢᠯ ᠦᠨ ᠲᠥᠪ ᠦᠨ ᠪᠠᠷᠢᠯᠭ᠎ᠠ ᠢᠢᠨ ᠰᠢᠢᠳᠦᠯ᠂ ᠰᠠᠭᠤᠷᠢᠯᠠᠭᠤᠯᠤᠭᠰᠠᠨ ᠲᠣᠨᠣᠭ ᠲᠥᠬᠥᠭᠡᠷᠦᠮᠵᠢ᠂ ᠲᠧᠭᠨᠢᠭ ᠬᠡᠷᠡᠭᠰᠡᠯ ᠵᠡᠷᠭᠡ ᠢᠢ ᠲᠠᠨᠢᠯᠴᠠᠭᠤᠯᠪᠠ᠃

 

ᠡᠨᠡ ᠬᠦ ᠬᠥᠭ᠍ᠵᠢᠯ ᠦᠨ ᠲᠥᠪ ᠨᠢ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠵᠠᠰᠠᠭ ᠤᠨ ᠭᠠᠵᠠᠷ ᠤᠨ 35 ᠰᠠᠶ᠎ᠠ ᠣᠷᠴᠢᠮ ᠠᠮ‍.ᠳ᠋ᠣᠯᠯᠠᠷ ᠤᠨ ᠪᠤᠴᠠᠯᠲᠠ ᠦᠭᠡᠢ ᠲᠤᠰᠠᠯᠠᠮᠵᠢ ᠢᠢᠨ ᠬᠥᠷᠥᠩᠭᠡ ᠣᠷᠣᠭᠤᠯᠤᠯᠲᠠ ᠪᠠᠷ ᠪᠠᠷᠢᠭᠳᠠᠭᠰᠠᠨ ᠪᠥᠭᠡᠳ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠠᠴᠠ ᠮᠣᠩ᠋ᠭᠣᠯ ᠤᠯᠤᠰ ᠲᠤ ᠦᠵᠡᠭᠦᠯᠵᠦ ᠪᠠᠢᠢᠭ᠎ᠠ ᠲᠤᠰᠠᠯᠠᠮᠵᠢ ᠢᠢᠨ ᠠᠵᠢᠯ ᠤᠳ ᠤᠨ ᠬᠠᠮᠤᠭ ᠤᠨ ᠲᠣᠮᠣ ᠬᠦᠮᠦᠨᠯᠢᠭ ᠦᠨ ᠲᠥᠰᠥᠯ ᠳᠥ ᠲᠣᠭᠠᠴᠠᠭᠳᠠᠵᠤ ᠪᠠᠢᠢᠭ᠎ᠠ ᠶᠤᠮ ᠪᠠᠢᠢᠨ᠎ᠠ᠃

 

ᠮᠥᠨ 20 ᠮᠢᠩ᠋ᠭᠠᠨ ᠮᠧᠲ᠋ᠷ ᠺᠸᠠᠳ᠋ᠷᠠᠲ ᠭᠠᠵᠠᠷ ᠲᠤ 14990 ᠮᠢᠩ᠋ᠭᠠᠨ ᠮᠧᠲ᠋ᠷ ᠺᠸᠠᠳ᠋ᠷᠠᠲ ᠪᠠᠷᠢᠯᠭ᠎ᠠ᠂ ᠪᠠᠢᠢᠭᠤᠯᠤᠮᠵᠢ ᠪᠠᠷᠢᠵᠤ ᠬᠦᠯᠢᠶᠡᠯᠭᠡᠨ ᠥᠭ᠍ᠬᠦ ᠳᠥ ᠪᠡᠯᠡᠨ ᠪᠣᠯᠵᠠᠢ᠃ ᠲᠥᠪ ᠨᠢ 250 ᠣᠷᠣ ᠲᠠᠢ᠂ ᠡᠳᠦᠷ ᠲᠥ ᠡᠨᠡ ᠬᠡᠮᠵᠢᠶᠡᠨ ᠦ ᠡᠪᠡᠳᠴᠢᠲᠡᠨ ᠬᠦᠯᠢᠶᠡᠨ ᠠᠪᠬᠤ᠂ ᠮᠥᠨ ᠲᠣᠭᠠᠨ ᠤ ᠬᠡᠦᠬᠡᠳ ᠲᠥ ᠭᠠᠳᠠᠭᠤᠷ ᠠᠮᠪᠤᠢᠯᠠᠲ᠋ᠣᠷᠢ ᠡᠮᠴᠢᠯᠡᠭᠡ ᠦᠵᠡᠭᠦᠯᠬᠦ ᠬᠦᠴᠦᠨ ᠴᠢᠳᠠᠯ ᠲᠠᠢ᠂ ᠬᠦᠯᠢᠶᠡᠨ ᠠᠪᠬᠤ ᠲᠠᠰᠤᠭ᠂ ᠨᠥᠬᠥᠨ ᠰᠡᠷᠭᠦᠭᠡᠯᠲᠡ ᠢᠢᠨ ᠲᠠᠰᠤᠭ᠂ ᠨᠥᠬᠥᠨ ᠰᠡᠷᠭᠦᠭᠡᠯᠲᠡ ᠢᠢᠨ ᠰᠤᠷᠭᠠᠯᠲᠠ ᠢᠢᠨ ᠲᠥᠪ ᠵᠡᠷᠭᠡ ᠡᠴᠡ ᠪᠥᠷᠢᠳᠬᠦ ᠶᠤᠮ ᠪᠠᠢᠢᠨ᠎ᠠ᠃

 

ᠢᠩᠭᠢᠭ᠍ᠰᠡᠨ ᠢᠶᠡᠷ ᠡᠳᠦᠷ ᠲᠥ 500 ᠬᠥᠭ᠍ᠵᠢᠯ ᠦᠨ ᠪᠡᠷᠬᠡᠰᠢᠶᠡᠯ ᠲᠡᠢ ᠬᠡᠦᠬᠡᠳ ᠡᠴᠢᠭᠡ᠂ ᠡᠬᠡ᠂ ᠠᠰᠠᠷᠠᠨ ᠬᠠᠮᠠᠭᠠᠯᠠᠭᠴᠢ ᠢᠢᠨ ᠬᠠᠮᠲᠤ ᠰᠡᠷᠭᠦᠭᠡᠨ ᠵᠠᠰᠠᠬᠤ ᠡᠮᠴᠢᠯᠡᠭᠡ᠂ ᠰᠤᠷᠭᠠᠯᠲᠠ ᠳᠤ ᠬᠠᠮᠤᠷᠤᠭᠳᠠᠬᠤ ᠪᠣᠯᠤᠮᠵᠢ ᠲᠠᠢ ᠪᠣᠯᠬᠤ ᠠᠵᠤ᠃ ᠮᠥᠨ ᠲᠤᠰ ᠲᠥᠪ ᠲᠥ ᠬᠥᠳᠡᠭᠡ ᠣᠷᠣᠨ ᠨᠤᠲᠤᠭ᠂ ᠠᠯᠤᠰᠯᠠᠭᠳᠠᠭᠰᠠᠨ ᠳᠡᠭᠦᠷᠭᠡ ᠡᠴᠡ ᠢᠷᠡᠭᠰᠡᠨ ᠬᠥᠭ᠍ᠵᠢᠯ ᠦᠨ ᠪᠡᠷᠬᠡᠰᠢᠶᠡᠯ ᠲᠡᠢ ᠬᠡᠦᠬᠡᠳ ᠦᠳ ᠡᠴᠢᠭᠡ᠂ ᠡᠬᠡ ᠢᠢᠨ ᠬᠠᠮᠲᠤ ᠪᠠᠷ 14-21 ᠬᠣᠨᠣᠭ ᠢᠶᠠᠷ ᠬᠡᠪᠲᠡᠨ ᠡᠮᠴᠢᠯᠡᠭᠦᠯᠬᠦ᠂ ᠨᠠᠷᠢᠨ ᠪᠠᠭᠠᠵᠢ ᠢᠢᠨ ᠰᠢᠨᠵᠢᠯᠡᠭᠡ᠂ ᠣᠨᠣᠰᠢᠯᠠᠭ᠎ᠠ᠂ ᠰᠡᠷᠭᠦᠭᠡᠨ ᠵᠠᠰᠠᠬᠤ ᠬᠥᠳᠡᠯᠭᠡᠭᠡᠨ ᠵᠠᠰᠠᠯ᠂ ᠠᠬᠤᠢ ᠵᠠᠰᠠᠯ᠂ ᠬᠡᠯᠡ ᠵᠠᠰᠠᠯ ᠤᠨ ᠡᠮᠴᠢᠯᠡᠭᠡ᠂ ᠱᠠᠭᠠᠷᠳᠠᠯᠭ᠎ᠠ ᠲᠠᠢ ᠲᠣᠬᠢᠷᠠᠬᠤ ᠡᠷᠭᠢ ᠢᠢᠨ ᠲᠤᠰᠠᠯᠠᠬᠤ ᠬᠡᠷᠡᠭᠰᠡᠯ ᠪᠤᠶᠤ ᠫᠷᠣᠲ᠋ᠧᠽ᠂ ᠣᠷᠲ᠋ᠣᠫᠧᠳ᠋ ᠵᠡᠷᠭᠡ ᠢᠢ ᠬᠢᠯᠭᠡᠨ ᠠᠪᠴᠤ ᠦᠢᠯᠡᠴᠢᠯᠡᠭᠦᠯᠬᠦ ᠶᠤᠮ ᠪᠠᠢᠢᠨ᠎ᠠ᠃