ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ ᠮᠣᠩ᠋ᠭᠣᠯ ᠲᠦᠮᠡᠨ ᠦ ᠪᠠᠬᠠᠷᠬᠠᠯᠳᠤ ᠥᠪ ᠰᠤᠶᠤᠯ᠂ ᠦᠶ ᠡ ᠡᠴᠡ ᠦᠶ᠎ᠡ ᠳᠥ ᠤᠯᠠᠮᠵᠢᠯᠠᠭᠳᠠᠨ ᠢᠷᠡᠭᠰᠡᠨ ᠠᠮᠠᠨ ᠪᠢᠯᠢᠭ᠌ ᠦᠨ ᠡᠬᠡ ᠤᠨᠳᠤᠷᠭ᠎ᠠ ᠪᠣᠯᠤᠭᠰᠠᠨ ᠪᠠᠭᠠᠲᠤᠷᠯᠢᠭ ᠲᠤᠤᠯᠢᠰ ᠢᠶᠠᠨ ᠳᠡᠭᠡᠳᠦᠯᠡᠨ᠂ ᠳᠡᠯᠭᠡᠷᠡᠭᠦᠯᠬᠦ ᠵᠣᠷᠢᠯᠭ᠎ᠠ ᠪᠠᠷ 2019 ᠣᠨ ᠤ 01 ᠳᠦᠭᠡᠷ ᠰᠠᠷ᠎ᠠ ᠢᠢᠨ 29 ᠍ ᠦ ᠡᠳᠦᠷ 《ᠮᠣᠩ᠋ᠭᠣᠯ ᠪᠠᠭᠠᠲᠤᠷᠯᠢᠭ ᠲᠤᠤᠯᠢᠰ ᠢᠶᠠᠨ ᠳᠡᠭᠡᠳᠦᠯᠡᠨ ᠳᠡᠯᠭᠡᠷᠡᠭᠦᠯᠬᠦ ᠲᠤᠬᠠᠢ》 13 ᠳ᠋ᠤᠭᠠᠷ ᠵᠠᠷᠯᠢᠭ ᠭᠠᠷᠭᠠᠭᠰᠠᠨ ᠶᠤᠮ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠳᠡᠭᠡᠷᠡᠬᠢ ᠵᠠᠷᠯᠢᠭ ᠢ XVII ᠵᠢᠷᠠᠨ ᠤ 《ᠤᠷᠪᠠᠭᠤᠯᠤᠭᠴᠢ》 ᠬᠡᠮᠡᠬᠦ ᠰᠢᠷᠠᠭᠴᠢᠨ ᠭᠠᠬᠠᠢ ᠵᠢᠯ ᠦᠨ ᠴᠠᠭᠠᠨ ᠰᠠᠷ᠎ᠠ ᠢᠢᠨ ᠪᠠᠶᠠᠷ ᠲᠤ ᠵᠣᠷᠢᠭᠤᠯᠤᠭᠰᠠᠨ ᠬᠦᠴᠦᠲᠦ 256 ᠪᠥᠬᠡ ᠢᠢᠨ ᠪᠠᠷᠢᠯᠳᠤᠭᠠᠨ ᠤ ᠳᠥᠷᠪᠡ ᠢᠢᠨ ᠳᠠᠪᠠᠭ᠎ᠠ ᠡᠬᠢᠯᠡᠬᠦ ᠢᠢᠨ ᠡᠮᠦᠨ᠎ᠡ ᠤᠩᠰᠢᠵᠤ ᠰᠣᠨᠣᠷᠳᠠᠭᠤᠯᠤᠨ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠡᠳ᠋ ᠳᠠᠷᠤᠭ᠎ᠠ ᠭ ∙ ᠪᠠᠢᠢᠭᠠᠯᠢᠮᠠ ᠵᠠᠷᠯᠢᠭ ᠲᠤ ᠬᠣᠯᠪᠣᠭᠳᠠᠬᠤ ᠪᠠᠢᠢᠭᠤᠯᠤᠯᠭ᠎ᠠ ᠢᠢᠨ ᠲᠥᠯᠦᠭᠡᠯᠡᠯ ᠦᠳ ᠲᠥ ᠵᠠᠷᠯᠢᠭ ᠢ ᠭᠠᠷᠳᠠᠭᠤᠯᠵᠤ ᠦᠭ᠍ᠪᠡ᠃
《ᠮᠣᠩ᠋ᠭᠣᠯ ᠪᠠᠭᠠᠲᠤᠷᠯᠢᠭ ᠲᠤᠤᠯᠢᠰ ᠢᠶᠠᠨ ᠳᠡᠭᠡᠳᠦᠯᠡᠨ ᠳᠡᠯᠭᠡᠷᠡᠭᠦᠯᠬᠦ ᠲᠤᠬᠠᠢ》ᠵᠠᠷᠯᠢᠭ ᠲᠤ᠄
《ᠮᠣᠩ᠋ᠭᠣᠯ ᠲᠦᠮᠡᠨ ᠦ ᠪᠠᠬᠠᠷᠬᠠᠯᠳᠤ ᠥᠪ ᠰᠣᠶᠣᠯ᠂ ᠦᠶ ᠡ ᠡᠴᠡ ᠦᠶ᠎ᠡ ᠳᠥ ᠤᠯᠠᠮᠵᠢᠯᠠᠭᠳᠠᠨ ᠢᠷᠡᠭᠰᠡᠨ ᠠᠮᠠᠨ ᠪᠢᠯᠢᠭ᠌ ᠦᠨ ᠡᠬᠡ ᠤᠨᠳᠤᠷᠭ᠎ᠠ ᠪᠣᠯᠤᠭᠰᠠᠨ ᠪᠠᠭᠠᠲᠤᠷᠯᠢᠭ ᠲᠤᠤᠯᠢᠰ ᠢᠶᠠᠨ ᠳᠡᠭᠡᠳᠦᠯᠡᠨ᠂ ᠳᠡᠯᠭᠡᠷᠡᠭᠦᠯᠬᠦ ᠵᠣᠷᠢᠯᠭ᠎ᠠ ᠪᠠᠷ ᠮᠣᠩ᠋ᠭᠣᠯ ᠤᠯᠤᠰ ᠤᠨ ᠦᠨᠳᠦᠰᠦᠨ ᠬᠠᠤᠯᠢ ᠢᠢᠨ ᠳᠣᠯᠣᠭᠠᠳᠤᠭᠠᠷ ᠵᠦᠢᠯ ᠦᠨ 1᠂ ᠭᠤᠴᠢᠨ ᠳᠥᠷᠪᠡᠳᠦᠭᠡᠷ ᠵᠦᠢᠯ ᠦᠨ 1᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠤᠬᠠᠢ ᠬᠠᠤᠯᠢ ᠢᠢᠨ 9 ᠳ᠋ᠦ᠋ᠭᠡᠷ ᠵᠦᠢᠯ ᠦᠨ 1 ᠳ᠋ᠡᠬᠢ ᠬᠡᠰᠡᠭ ᠢ ᠲᠤᠰ ᠲᠤᠰ ᠦᠨᠳᠦᠰᠦᠯᠡᠨ ᠵᠠᠷᠯᠢᠭ ᠪᠣᠯᠭᠠᠬᠤ ᠨᠢ᠄
- 《ᠠᠪᠤᠷᠭᠤᠰ ᠤᠨ ᠲᠠᠪᠤᠨ ᠪᠣᠳᠣᠩ》᠂ 《ᠠᠯᠲᠠᠨ ᠤᠨᠳᠤᠷᠭ᠎ᠠ》᠂ 《ᠪᠤᠵᠢᠨ ᠳᠠᠪᠠᠭ᠎ᠠ ᠬᠠᠭᠠᠨ》᠂ 《ᠳᠣᠪᠣᠨ ᠬᠠᠷ᠎ᠠ ᠪᠥᠬᠡ》᠂ 《ᠵᠢᠩ᠋ᠭᠠᠷ》᠂ 《ᠵᠤᠯᠠ ᠠᠯᠳᠠᠷ ᠬᠠᠭᠠᠨ》᠂ 《ᠮᠥᠩᠬᠡ ᠰᠠᠢᠢᠬᠠᠨ ᠲᠥᠷᠦᠳᠥ ᠠᠯᠲᠠᠨ ᠲᠣᠷᠴᠠ》᠂ 《ᠬᠠᠨ ᠬᠠᠷᠠᠩ᠋ᠭᠤᠢ》᠂ 《ᠬᠢᠯᠢᠩ ᠭᠠᠯᠵᠠᠭᠤ ᠪᠠᠭᠠᠲᠤᠷ》 ᠵᠡᠷᠭᠡ ᠪᠠᠭᠠᠲᠤᠷᠯᠢᠭ ᠲᠤᠤᠯᠢᠰ ᠢ ᠣᠯᠠᠨ ᠨᠡᠢᠢᠲᠡ ᠳᠥ ᠳᠡᠯᠭᠡᠷᠡᠭᠦᠯᠦᠨ ᠲᠠᠨᠢᠭᠤᠯᠵᠤ᠂ ᠳᠡᠭᠡᠵᠢ ᠡᠴᠡ ᠦᠨᠳᠦᠰᠦᠨ ᠦ ᠪᠢᠴᠢᠭ᠌ ᠲᠥ ᠪᠠᠭᠤᠯᠭᠠᠨ ᠨᠢᠭᠡ ᠬᠤᠪᠢ ᠢ ᠪᠦᠲᠦᠭᠡᠵᠦ᠂ ᠲᠥᠷᠦ ᠢᠢᠨ ᠣᠷᠳᠣᠨ ᠳᠤ ᠳᠡᠭᠡᠳᠦᠯᠡᠨ ᠵᠠᠯᠠᠰᠤᠭᠠᠢ᠃
- ᠵᠢᠯ ᠪᠦᠷᠢ ᠢᠢᠨ ᠴᠠᠭᠠᠨ ᠰᠠᠷ᠎ᠠ ᠢᠢᠨ ᠪᠠᠶᠠᠷ ᠢ ᠲᠣᠬᠢᠶᠠᠯᠳᠤᠭᠤᠯᠤᠨ ᠬᠠᠪᠤᠷ ᠤᠨ ᠲᠡᠷᠢᠭᠦᠨ ᠰᠠᠷ᠎ᠠ ᠢᠢᠨ ᠰᠢᠨ᠎ᠡ ᠢᠢᠨ ᠭᠤᠷᠪᠠᠨ ᠤ ᠡᠳᠦᠷ᠂ ᠮᠣᠩ᠋ᠭᠣᠯ ᠪᠠᠬᠠᠷᠬᠠᠯ ᠤᠨ ᠡᠳᠦᠷ ᠢ ᠲᠣᠬᠢᠶᠠᠯᠳᠤᠭᠤᠯᠤᠨ ᠡᠪᠦᠯ ᠦᠨ ᠲᠡᠷᠢᠭᠦᠨ ᠰᠠᠷ᠎ᠠ ᠢᠢᠨ ᠰᠢᠨ᠎ᠡ ᠢᠢᠨ ᠭᠤᠷᠪᠠᠨ ᠤ ᠡᠳᠦᠷ ᠲᠥᠷᠥ ᠢᠢᠨ ᠶᠣᠰᠣᠯᠠᠯ ᠬᠦᠨᠳᠦᠳᠬᠡᠯ ᠦᠨ ᠥᠷᠭᠦᠭᠡᠨ ᠳᠥ ᠪᠠᠭᠠᠲᠤᠷᠯᠢᠭ ᠲᠤᠤᠯᠢᠰ ᠢ ᠬᠠᠢᠢᠯᠠᠵᠤ ᠪᠠᠢᠢᠬᠤ ᠪᠠᠷ ᠲᠣᠭᠲᠠᠭᠠᠰᠤᠭᠠᠢ᠃
- ᠪᠠᠭᠠᠲᠤᠷᠯᠢᠭ ᠲᠤᠤᠯᠢᠰ ᠢᠶᠠᠨ ᠳᠡᠭᠡᠳᠦᠯᠡᠨ ᠬᠠᠮᠠᠭᠠᠯᠠᠬᠤ᠂ ᠪᠦᠷᠢᠳᠬᠡᠨ ᠰᠤᠳᠤᠯᠬᠤ᠂ ᠥᠪᠯᠡᠨ ᠤᠯᠠᠮᠵᠢᠯᠠᠭᠤᠯᠬᠤ᠂ ᠲᠦᠭᠡᠭᠡᠨ ᠳᠡᠯᠭᠡᠷᠡᠭᠦᠯᠬᠦ᠂ ᠣᠯᠠᠨ ᠤᠯᠤᠰ ᠲᠤ ᠰᠤᠷᠲᠠᠯᠴᠢᠯᠠᠨ ᠲᠠᠨᠢᠭᠤᠯᠬᠤ; ᠲᠤᠤᠯᠢᠴᠢ᠂ ᠥᠪᠯᠡᠨ ᠤᠯᠠᠮᠵᠢᠯᠠᠭᠴᠢ᠂ ᠥᠪ ᠲᠡᠭᠡᠭᠡᠭ᠍ᠴᠢᠳ ᠪᠣᠯᠤᠨ ᠰᠤᠳᠤᠯᠤᠭᠠᠴᠢᠳ ᠢ ᠤᠷᠮᠠᠰᠢᠭᠤᠯᠬᠤ ᠦᠢᠯᠡ ᠠᠵᠢᠯᠯᠠᠭ᠎ᠠ ᠢᠢ ᠳᠡᠮᠵᠢᠵᠦ ᠠᠵᠢᠯᠯᠠᠬᠤ ᠢᠢ ᠲᠥᠷᠥ ᠢᠢᠨ ᠪᠦᠬᠦ ᠱᠠᠲᠤᠨ ᠤ ᠪᠠᠢᠢᠭᠤᠯᠤᠯᠭ᠎ᠠ᠂ ᠠᠯᠪᠠᠨ ᠲᠤᠰᠢᠶᠠᠯᠲᠠᠨ ᠳᠤ ᠡᠭᠦᠷᠭᠡ ᠪᠣᠯᠭᠠᠰᠤᠭᠠᠢ᠃
- ᠮᠣᠩ᠋ᠭᠣᠯ ᠪᠠᠭᠠᠲᠤᠷᠯᠢᠭ ᠲᠤᠤᠯᠢᠰ ᠤᠨ ᠢᠶᠠᠨ ᠠᠭᠤᠯᠭ᠎ᠠ᠂ ᠠᠴᠢ ᠬᠣᠯᠪᠣᠭᠳᠠᠯ ᠢ ᠲᠠᠨᠢᠵᠤ ᠣᠢᠢᠯᠠᠭᠠᠬᠤ᠂ ᠳᠡᠮᠵᠢᠨ ᠳᠡᠯᠭᠡᠷᠡᠭᠦᠯᠬᠦ᠂ ᠥᠪ ᠰᠣᠶᠣᠯ ᠢᠶᠠᠨ ᠬᠦᠨᠳᠦᠳᠬᠡᠨ ᠳᠡᠭᠡᠳᠦᠯᠡᠬᠦ᠂ ᠬᠠᠳᠠᠭᠠᠯᠠᠬᠤ᠂ ᠤᠯᠠᠮᠵᠢᠯᠠᠭᠤᠯᠤᠨ ᠬᠠᠮᠠᠭᠠᠯᠠᠬᠤ ᠦᠢᠯᠡᠰ ᠲᠥ ᠢᠳᠡᠪᠬᠢ ᠰᠠᠨᠠᠭᠠᠴᠢᠯᠭ᠎ᠠ ᠲᠠᠢ ᠣᠷᠣᠯᠴᠠᠬᠤ ᠢᠢ ᠲᠥᠷᠦ ᠢᠢᠨ ᠪᠠ ᠲᠥᠷᠦ ᠢᠢᠨ ᠪᠤᠰᠤ ᠪᠠᠢᠢᠭᠤᠯᠤᠯᠭ᠎ᠠ᠂ ᠢᠷᠭᠡᠳ ᠣᠯᠠᠨ ᠨᠡᠢᠢᠲᠡ᠂ ᠡᠷᠳᠡᠮᠲᠡᠨ ᠰᠤᠳᠤᠯᠤᠭᠠᠴᠢᠳ᠂ ᠰᠢᠨᠵᠢᠯᠡᠬᠦ ᠤᠬᠠᠭᠠᠨ ᠤ ᠪᠠ ᠬᠡᠪᠯᠡᠯ ᠮᠡᠳᠡᠭᠡᠯᠡᠯ ᠦᠨ ᠪᠠᠢᠢᠭᠤᠯᠤᠯᠭ᠎ᠠ ᠨᠤᠭᠤᠳ ᠲᠤ ᠤᠷᠢᠶᠠᠯᠠᠰᠤᠭᠠᠢ》 ᠭᠡᠵᠡᠢ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠭᠠᠷᠭᠠᠭᠰᠠᠨ ᠳᠡᠭᠡᠷᠡᠬᠢ ᠵᠠᠷᠯᠢᠭ ᠢ᠄
- ᠪᠣᠯᠪᠠᠰᠤᠷᠠᠯ᠂ ᠰᠣᠶᠣᠯ᠂ ᠰᠢᠨᠵᠢᠯᠡᠬᠦ ᠤᠬᠠᠭᠠᠨ᠂ ᠰᠫᠣᠷᠲ ᠤᠨ ᠳᠡᠳ᠋ ᠰᠠᠢᠢᠳ ᠭ ∙ ᠭᠠᠩᠪᠠᠶᠠᠷ
- United Nations Educational Scientific and Cultural Organization ᠍ ᠢᠢᠨ ᠮᠣᠩ᠋ᠭᠣᠯ ᠤᠨ ᠦᠨᠳᠦᠰᠦᠨ ᠦ ᠺᠣᠮᠢᠰ ᠤᠨ ᠨᠠᠷᠢᠨ ᠪᠢᠴᠢᠭ᠌ ᠦᠨ ᠳᠠᠷᠤᠭ᠎ᠠ ᠰ ∙ ᠤᠶᠠᠩ᠋ᠭ᠎ᠠ᠂
- ᠰᠤᠶᠤᠯ ᠤᠨ ᠥᠪ ᠦᠨ ᠦᠨᠳᠦᠰᠦᠨ ᠦ ᠲᠥᠪ ᠦᠨ ᠵᠠᠬᠢᠷᠤᠯ ᠭ ∙ ᠡᠩᠬᠡᠪᠠᠲᠤ᠂
- ᠬᠡᠯᠡᠨ ᠦ ᠪᠣᠳᠣᠯᠭ᠎ᠠ ᠢᠢᠨ ᠦᠨᠳᠦᠰᠦᠨ ᠦ ᠵᠥᠪᠯᠡᠯ ᠦᠨ ᠳᠠᠷᠤᠭ᠎ᠠ ᠰ ∙ ᠳᠤᠯᠮ᠎ᠠ᠂
- ᠲᠤᠤᠯᠢ ᠰᠤᠳᠤᠯᠤᠭᠠᠴᠢᠳ ᠢ ᠲᠥᠯᠦᠭᠡᠯᠡᠵᠦ᠂ ᠰᠢᠵᠢᠯᠡᠬᠦᠢ ᠤᠬᠠᠭᠠᠨ ᠤ ᠠᠺᠠᠳᠧᠮᠢ ᠍ ᠢᠢᠨ ᠬᠡᠯᠡ ᠵᠣᠬᠢᠶᠠᠯ ᠤᠨ ᠬᠦᠷᠢᠶᠡᠯᠡᠩ ᠦᠨ ᠠᠬᠠᠯᠠᠬᠤ ᠠᠵᠢᠯᠲᠠᠨ ᠪ ∙ ᠺᠠᠲᠤᠤ ᠨᠠᠷ ᠲᠤ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠡᠳ᠋ ᠳᠠᠷᠤᠭ᠎ᠠ ᠭ ∙ ᠪᠠᠢᠢᠭᠠᠯᠢᠮᠠ ᠭᠠᠷᠳᠠᠭᠤᠯᠵᠤ ᠦᠭ᠍ᠪᠡ᠃
ᠵᠠᠷᠯᠢᠭ ᠭᠠᠷᠳᠠᠭᠤᠯᠬᠤ ᠶᠣᠰᠣᠯᠠᠯ ᠤᠨ ᠳᠠᠷᠠᠭ᠎ᠠ ᠮᠣᠩ᠋ᠭᠣᠯ ᠤᠯᠤᠰ ᠤᠨ ᠲᠥᠷᠦ ᠢᠢᠨ ᠰᠣᠶᠣᠷᠬᠠᠯᠳᠤ ᠲᠤᠤᠯᠢᠴᠢ ᠪᠠᠭᠠᠲᠤᠷ ᠤᠨ ᠠᠪᠤᠷᠢᠮᠡᠳ ᠦᠨ ᠬᠦᠦ᠂ ᠵᠠᠨ᠎ᠠ ᠢᠢᠨ ᠵᠢᠯᠺᠡᠷ ᠦᠨ ᠶᠢᠰᠦ ᠳ᠋ᠡᠬᠢ ᠦᠶ᠎ᠡ ᠢᠢᠨ ᠲᠤᠤᠯᠢᠴᠢ ᠠᠪᠤᠷᠢᠮᠡᠳ ᠦᠨ ᠪᠠᠯᠳᠠᠨᠳᠣᠷᠵᠢ᠂ ᠪᠠᠶᠠᠨ-ᠠᠯᠲᠠᠢ ᠢᠢᠨ ᠳᠥᠷᠪᠡ ᠳ᠋ᠡᠬᠢ ᠦᠶ᠎ᠡ ᠢᠢᠨ ᠲᠤᠤᠯᠢᠴᠢ᠂ ᠮᠣᠩ᠋ᠭᠣᠯ ᠤᠯᠤᠰ ᠤᠨ ᠰᠣᠶᠣᠯ ᠤᠨ ᠭᠠᠪᠢᠶᠠᠲᠤ ᠵᠢᠳᠬᠦᠯᠲᠡᠨ ᠡᠷᠳᠡᠨᠢᠴᠣᠭᠲᠤ ᠢᠢᠨ ᠪᠠᠭᠠᠲᠤᠷᠵᠠᠪ ᠨᠠᠷ 《ᠠᠯᠲᠠᠢ ᠢᠢᠨ ᠮᠠᠭᠲᠠᠭᠠᠯ》 ᠍ ᠢ ᠲᠣᠪᠴᠢᠯᠠᠨ ᠬᠠᠢᠢᠯᠠᠯ᠎ᠠ᠃