ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ 《ᠲᠣᠷᠭᠠᠨ ᠤ ᠵᠠᠮ》 ᠠᠦ᠋ᠲ᠋ᠣ᠋ ᠷᠠᠯᠯᠢ ᠢᠢᠨ 2019 ᠣᠨ ᠤ ᠤᠷᠤᠯᠳᠤᠭᠠᠨ ᠢ ᠵᠣᠬᠢᠶᠠᠨ ᠪᠠᠢᠢᠭᠤᠯᠬᠤ ᠣᠷᠣᠰ ᠤᠨ ᠬᠣᠯᠪᠣᠭᠠᠨ ᠤ ᠤᠯᠤᠰ ᠪᠣᠯᠤᠨ ᠮᠣᠩ᠋ᠭᠣᠯ ᠤᠨ ᠲᠠᠯ᠎ᠠ ᠢᠢᠨ ᠠᠵᠢᠯ ᠤᠨ ᠬᠡᠰᠡᠭ ᠦᠨ ᠠᠭᠤᠯᠵᠠᠯᠲᠠ ᠳᠤ ᠣᠷᠣᠯᠴᠠᠯ᠎ᠠ᠃
2009 ᠣᠨ ᠠᠴᠠ ᠬᠣᠢᠢᠰᠢ ᠵᠢᠯ ᠪᠦᠷᠢ ᠵᠣᠬᠢᠶᠠᠨ ᠪᠠᠢᠢᠭᠤᠯᠤᠭᠳᠠᠵᠤ ᠪᠤᠢ 《ᠲᠣᠷᠭᠠᠨ ᠤ ᠵᠠᠮ》 ᠠᠦ᠋ᠲ᠋ᠣ᠋ ᠷᠠᠯᠯᠢ ᠢᠢᠨ ᠤᠷᠤᠯᠳᠤᠭᠠᠨ ᠡᠨᠡ ᠵᠢᠯ ᠮᠣᠩ᠋ᠭᠣᠯ ᠤᠯᠤᠰ ᠤᠨ ᠭᠠᠵᠠᠷ ᠨᠤᠲᠤᠭ ᠢᠶᠠᠷ ᠳᠠᠮᠵᠢᠨ ᠣᠷᠣᠰ ᠤᠨ ᠬᠣᠯᠪᠣᠭᠠᠨ ᠤ ᠤᠯᠤᠰ-ᠮᠣᠩ᠋ᠭᠣᠯ ᠤᠯᠤᠰ-ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠭᠡᠰᠡᠨ ᠴᠢᠭᠯᠡᠯ ᠳᠥ ᠵᠣᠬᠢᠶᠠᠭᠳᠠᠬᠤ ᠪᠠᠷ ᠪᠣᠯᠤᠭᠰᠠᠨ ᠶᠤᠮ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠠᠵᠢᠯ ᠤᠨ ᠬᠡᠰᠡᠭ ᠦᠨ ᠠᠭᠤᠯᠵᠠᠯᠲᠠ ᠢᠢᠨ ᠡᠬᠢᠨ ᠳᠥ 《ᠲᠣᠷᠭᠠᠨ ᠤ ᠵᠠᠮ》 ᠠᠦ᠋ᠲ᠋ᠣ᠋ ᠷᠠᠯᠯᠢ ᠢᠢᠨ 2019 ᠣᠨ ᠤ ᠤᠷᠤᠯᠳᠤᠭᠠᠨ ᠤ ᠲᠠᠨᠢᠯᠴᠠᠭᠤᠯᠭ᠎ᠠ᠂ ᠵᠣᠬᠢᠶᠠᠨ ᠪᠠᠢᠢᠭᠤᠯᠤᠯᠲᠠ ᠢᠢᠨ ᠲᠠᠯ᠎ᠠ ᠪᠠᠷ ᠰᠣᠨᠣᠰᠴᠤ᠂ ᠳᠠᠷᠠᠭ᠎ᠠ ᠨᠢ ᠠᠵᠢᠯ ᠤᠨ ᠬᠡᠰᠡᠭ ᠦᠨ ᠬᠢᠨ ᠲᠡᠢ ᠰᠠᠨᠠᠯ ᠰᠣᠯᠢᠯᠴᠠᠭᠰᠠᠨ ᠶᠤᠮ᠃
ᠡᠨᠡ ᠦᠶ᠎ᠡ ᠪᠡᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠠᠦ᠋ᠲ᠋ᠣ᠋ ᠷᠠᠯᠯᠢ ᠢᠢᠨ ᠤᠷᠤᠯᠳᠤᠭᠠᠨ ᠤ ᠠᠶᠤᠯ ᠦᠭᠡᠢ ᠪᠠᠢᠢᠳᠠᠯ ᠳᠤ ᠣᠨᠴᠠᠭᠠᠢ ᠠᠩᠬᠠᠷᠴᠤ ᠠᠵᠢᠯᠯᠠᠬᠤ ᠶᠣᠰᠣᠲᠠᠢ ᠢᠢ ᠰᠠᠨᠠᠭᠤᠯᠵᠤ᠂ 《ᠲᠣᠷᠭᠠᠨ ᠤ ᠵᠠᠮ》 ᠠᠦ᠋ᠲ᠋ᠣ᠋ ᠷᠠᠯᠯᠢ ᠢᠢᠨ 2019 ᠣᠨ ᠤ ᠤᠷᠤᠯᠳᠤᠭᠠᠨ ᠳᠤ ᠵᠣᠬᠢᠬᠤ ᠬᠡᠮᠵᠢᠶᠡᠨ ᠳᠥ ᠠᠩᠬᠠᠷᠤᠯ ᠬᠠᠨᠳᠤᠭᠤᠯᠵᠤ ᠠᠵᠢᠯᠯᠠᠬᠤ ᠪᠠᠨ ᠢᠯᠡᠷᠬᠡᠢᠢᠯᠡᠯ᠎ᠡ᠃
ᠮᠥᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ 《ᠲᠣᠷᠭᠠᠨ ᠤ ᠵᠠᠮ》 ᠠᠦ᠋ᠲ᠋ᠣ᠋ ᠷᠠᠯᠯᠢ ᠢᠢᠨ 2019 ᠣᠨ ᠤ ᠤᠷᠤᠯᠳᠤᠭᠠᠨ ᠤ ᠵᠣᠬᠢᠶᠠᠨ ᠪᠠᠢᠢᠭᠤᠯᠤᠯᠲᠠ᠂ ᠲᠥᠯᠦᠪᠯᠡᠭᠡᠨ ᠦ ᠲᠠᠯ᠎ᠠ ᠪᠠᠷ ᠣᠷᠣᠰ ᠤᠨ ᠬᠣᠯᠪᠣᠭᠠᠨ ᠤ ᠤᠯᠤᠰ ᠤᠨ ᠠᠵᠢᠯ ᠤᠨ ᠬᠡᠰᠡᠭ ᠦᠨ ᠬᠢᠨ ᠲᠡᠢ ᠳᠡᠯᠭᠡᠷᠡᠩᠭᠦᠢ ᠶᠠᠷᠢᠯᠴᠠᠵᠤ᠂ ᠰᠠᠨᠠᠯ ᠰᠤᠯᠢᠯᠴᠠᠪᠠ᠃
《ᠲᠣᠷᠭᠠᠨ ᠤ ᠵᠠᠮ》 ᠠᠦ᠋ᠲ᠋ᠣ᠋ ᠷᠠᠯᠯᠢ ᠢᠢᠨ 2019 ᠣᠨ ᠤ ᠤᠷᠤᠯᠳᠤᠭᠠᠨ ᠳᠣᠯᠣᠳᠤᠭᠠᠷ ᠰᠠᠷ᠎ᠠ ᠢᠢᠨ 6-16 ᠍ ᠤ ᠡᠳᠦᠷ ᠦᠳ ᠲᠥ 10 ᠱᠠᠲᠤ ᠲᠠᠢ᠂ 5000 ᠺᠢᠯᠣᠮᠧᠲ᠋ᠷ ᠵᠠᠮ ᠲᠤᠭᠤᠯᠬᠤ ᠤᠷᠲᠤ ᠲᠠᠢ ᠪᠠᠷ ᠡᠬᠢᠯᠡᠬᠦ ᠪᠥᠭᠡᠳ ᠮᠣᠩ᠋ᠭᠣᠯ ᠤᠨ ᠭᠠᠵᠠᠷ ᠨᠤᠲᠤᠭ ᠢᠶᠠᠷ ᠳᠣᠯᠣᠳᠤᠭᠠᠷ ᠰᠠᠷ᠎ᠠ ᠢᠢᠨ 7-13 ᠍ ᠤ ᠬᠣᠭᠣᠷᠣᠨᠳᠣ ᠥᠩᠭᠡᠷᠡᠵᠦ᠂ 3-7 ᠱᠠᠲᠤᠨ ᠤ ᠤᠷᠤᠯᠳᠤᠭᠠᠨ ᠨᠢ ᠪᠣᠯᠬᠤ ᠶᠤᠮ᠃