Та "Internet explorer"-ийн сүүлийн хувилбар болох "Microsoft edge"-г ашиглана уу

Хэрэв "Microsoft edge"-г татах бол энд дарж татаж авна уу

ᠠᠦᠢᠰᠲ᠋ᠷᠠᠯᠢᠶ᠎ᠠ ᠤᠯᠤᠰ ᠠᠴᠠ ᠮᠣᠩ᠋ᠭᠣᠯ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠳ᠋ᠧᠸᠢᠳ᠋ ᠮᠧᠲ᠋ᠢᠶᠤ ᠸᠣᠰᠧᠨ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠭᠦᠨ ᠪᠠᠷᠢᠪᠠ

ᠠᠦᠢᠰᠲ᠋ᠷᠠᠯᠢᠶ᠎ᠠ ᠤᠯᠤᠰ ᠠᠴᠠ ᠮᠣᠩ᠋ᠭᠣᠯ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠳ᠋ᠧᠸᠢᠳ᠋ ᠮᠧᠲ᠋ᠢᠶᠤ ᠸᠣᠰᠧᠨ ᠥᠨᠥᠳᠥᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠬᠦᠨ ᠪᠠᠷᠢᠯ᠎ᠠ᠃

 

ᠨᠣᠶᠠᠨ ᠳ᠋ᠧᠸᠢᠳ᠋ ᠮᠧᠲ᠋ᠢᠶᠤ ᠸᠣᠰᠧᠨ ᠢ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠭᠰᠠᠨ ᠲᠠᠢ ᠨᠢ ᠬᠣᠯᠪᠣᠭᠳᠠᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠬᠦᠯᠢᠶᠡᠨ ᠠᠪᠴᠤ ᠠᠭᠤᠯᠵᠠᠭᠠᠳ᠂ ᠬᠣᠶᠠᠷ ᠣᠷᠣᠨ ᠤ ᠬᠠᠷᠢᠯᠴᠠᠭᠠᠨ ᠤ ᠠᠰᠠᠭᠤᠳᠠᠯ ᠢᠶᠠᠷ ᠶᠠᠷᠢᠯᠴᠠᠪᠠ᠃

 

ᠠᠭᠤᠯᠵᠠᠯᠲᠠ ᠢᠢᠨ ᠡᠬᠢᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠨᠣᠶᠠᠨ ᠳ᠋ᠧᠸᠢᠳ᠋ ᠮᠧᠲ᠋ᠢᠶᠤ ᠸᠣᠰᠧᠨ  ᠢ ᠮᠣᠩ᠋ᠭᠣᠯ ᠤᠯᠤᠰ ᠲᠤ ᠰᠠᠭᠤᠬᠤ ᠡᠯᠴᠢᠨ ᠰᠠᠢᠢᠳ ᠢᠶᠠᠷ ᠲᠣᠮᠢᠯᠠᠭᠳᠠᠨ ᠢᠷᠡᠭᠰᠡᠨ ᠳᠥ ᠨᠢ ᠪᠠᠶᠠᠷ ᠬᠦᠷᠭᠡᠵᠦ᠂ ᠮᠣᠩ᠋ᠭᠣᠯ-ᠠᠦᠢᠰᠲ᠋ᠷᠠᠯᠢᠶ᠎ᠠ ᠤᠯᠤᠰ ᠤᠳ ᠬᠡᠳᠦᠢ ᠬᠣᠯᠠ ᠣᠷᠣᠰᠢᠳᠠᠭ ᠴᠤ ᠪᠦᠬᠦ ᠲᠦᠪᠰᠢᠨ ᠦ ᠬᠠᠮᠲᠤ ᠢᠢᠨ ᠢᠳᠡᠪᠬᠢᠲᠡᠢ ᠬᠠᠷᠢᠯᠴᠠᠭ᠎ᠠ ᠲᠠᠢ ᠪᠠᠢᠢᠳᠠᠭ ᠢ ᠴᠣᠬᠣᠨ ᠲᠡᠮᠳᠡᠭᠯᠡᠭᠰᠡᠨ ᠶᠤᠮ᠃ ᠡᠭᠦᠨ ᠦ ᠤᠴᠢᠷ ᠴᠢᠨᠠᠭᠰᠢᠳᠠ ᠬᠣᠶᠠᠷ ᠣᠷᠣᠨ ᠤ ᠬᠠᠷᠢᠯᠴᠠᠭ᠎ᠠ ᠢᠢ ᠤᠯᠠᠮ ᠪᠦᠷ ᠭᠦᠨᠵᠡᠭᠡᠢᠢᠷᠡᠭᠦᠯᠬᠦ᠂ ᠪᠦᠬᠦ ᠲᠦᠪᠰᠢᠨ ᠳᠥ ᠬᠠᠷᠢᠯᠴᠠᠨ ᠠᠰᠢᠭᠲᠠᠢ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠳᠥ ᠨᠣᠶᠠᠨ ᠡᠯᠴᠢᠨ ᠰᠠᠢᠢᠳ ᠢ ᠬᠢᠴᠢᠶᠡᠯ ᠵᠢᠳᠬᠦᠯ ᠭᠠᠷᠭᠠᠨ ᠠᠵᠢᠯᠯᠠᠨ᠎ᠠ ᠭᠡᠳᠡᠭ ᠲᠥ ᠢᠲᠡᠭᠡᠯ ᠲᠡᠢ ᠪᠤᠢ ᠢᠢ ᠪᠠᠨ ᠮᠥᠨ ᠢᠯᠡᠷᠬᠡᠢᠢᠯᠡᠯ᠎ᠡ᠃

 

ᠡᠯᠴᠢᠨ ᠰᠠᠢᠢᠳ ᠳ᠋ᠧᠸᠢᠳ᠋ ᠮᠧᠲ᠋ᠢᠶᠤ ᠸᠣᠰᠧᠨ  ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠬᠠᠨᠳᠤᠨ ᠢᠲᠡᠭᠡᠮᠵᠢᠯᠡᠬᠦ ᠵᠢᠭᠤᠬᠤ ᠪᠢᠴᠢᠭ ᠢ ᠨᠢ ᠬᠦᠯᠢᠶᠡᠨ ᠠᠪᠴᠤ᠂ ᠴᠠᠭ ᠵᠠᠪ ᠭᠠᠷᠭᠠᠨ ᠠᠭᠤᠯᠵᠠᠵᠤ ᠪᠠᠢᠢᠭᠠᠳ ᠲᠠᠯᠠᠷᠬᠠᠯ ᠢᠯᠡᠷᠬᠡᠢᠢᠯᠡᠭᠡᠳ ᠡᠯᠴᠢᠨ ᠰᠠᠢᠢᠳ ᠤᠨ ᠬᠤᠪᠢ ᠳᠤ ᠤᠯᠤᠰ ᠣᠷᠣᠨ ᠤ ᠪᠠᠨ ᠠᠰᠢᠭ ᠰᠣᠨᠢᠷᠬᠠᠯ ᠢ ᠡᠷᠬᠢᠮᠯᠡᠬᠦ ᠢᠢᠨ ᠵᠡᠷᠭᠡᠴᠡᠭᠡ ᠮᠣᠩ᠋ᠭᠣᠯ ᠤᠯᠤᠰ ᠤᠨ ᠲᠡᠷᠢᠭᠦᠯᠡᠬᠦ ᠴᠢᠭᠯᠡᠯ ᠦᠳ ᠢ ᠳᠡᠮᠵᠢᠨ᠂ ᠨᠢᠭ᠌ᠲᠠ ᠬᠠᠮᠲᠤᠷᠠᠨ ᠠᠵᠢᠯᠯᠠᠬᠤ ᠪᠠᠨ ᠢᠯᠡᠷᠬᠡᠢᠢᠯᠡᠭᠰᠡᠨ ᠶᠤᠮ᠃

 

ᠠᠭᠤᠯᠵᠠᠯᠲᠠ ᠢᠢᠨ ᠦᠶ᠎ᠡ ᠪᠡᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠂ ᠡᠯᠴᠢᠨ ᠰᠠᠢᠢᠳ ᠳ᠋ᠧᠸᠢᠳ᠋ ᠮᠧᠲ᠋ᠢᠶᠤ ᠸᠣᠰᠧᠨ ᠨᠠᠷ ᠬᠣᠶᠠᠷ ᠣᠷᠣᠨ ᠤ ᠬᠤᠳᠠᠯᠳᠤᠭ᠎ᠠ᠂ ᠪᠢᠽᠢᠨ᠋᠋ᠧᠰ᠂ ᠠᠭᠤᠯᠠ ᠠᠭᠤᠷᠬᠠᠢ᠂ ᠪᠣᠯᠪᠠᠰᠤᠷᠠᠯ ᠤᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ᠂ ᠰᠡᠷᠭᠦᠭᠡᠭ᠍ᠳᠡᠬᠦ ᠡᠷᠴᠢᠮ ᠬᠦᠴᠦ ᠵᠡᠷᠭᠡ ᠰᠡᠳᠦᠪ ᠢᠶᠡᠷ ᠶᠠᠷᠢᠯᠴᠠᠵᠤ᠂ ᠰᠠᠨᠠᠯ ᠰᠤᠯᠢᠯᠴᠠᠪᠠ᠃

 

ᠠᠭᠤᠯᠵᠠᠯᠲᠠ ᠢᠢᠨ ᠲᠡᠭᠦᠰᠬᠡᠯ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠬᠣᠶᠠᠷ ᠣᠷᠣᠨ ᠤ ᠬᠠᠮᠲᠤ ᠢᠢᠨ ᠠᠵᠢᠯᠯᠠᠭᠠᠨ ᠤ ᠠᠰᠠᠭᠤᠳᠠᠯ ᠢᠶᠠᠷ ᠴᠢᠨᠠᠭᠰᠢᠳᠠ ᠡᠯᠴᠢᠨ ᠰᠠᠢᠢᠳ ᠳ᠋ᠧᠸᠢᠳ᠋ ᠮᠧᠲ᠋ᠢᠶᠤ ᠸᠣᠰᠧᠨ  ᠳᠥ ᠴᠠᠭ ᠵᠠᠪ ᠭᠠᠷᠭᠠᠨ᠂ ᠬᠦᠯᠢᠶᠡᠨ ᠠᠪᠴᠤ ᠠᠭᠤᠯᠵᠠᠬᠤ ᠳᠤ ᠪᠡᠯᠡᠨ ᠭᠡᠳᠡᠭ ᠢᠶᠡᠨ ᠢᠯᠡᠷᠬᠡᠢᠢᠯᠡᠵᠦ᠂ ᠠᠵᠢᠯ ᠤᠨ ᠠᠮᠵᠢᠯᠲᠠ ᠬᠦᠰᠡᠯ᠎ᠡ᠃