Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ 《ᠬᠦᠴᠦᠷᠬᠡᠢᠢᠯᠡᠯ ᠦᠨ ᠡᠰᠡᠷᠭᠦ ᠬᠦᠮᠦᠨ ᠪᠦᠷᠢ ᠢᠢᠨ ᠣᠷᠣᠯᠴᠠᠭ᠎ᠠ》 ᠦᠨᠳᠦᠰᠦᠨ ᠦ ᠴᠢᠭᠤᠯᠭᠠᠨ ᠤ ᠣᠷᠣᠯᠴᠠᠭᠴᠢᠳ ᠲᠤ ᠢᠯᠡᠭᠡᠯᠲᠡ ᠬᠦᠷᠭᠡᠭᠦᠯᠪᠡ

ᠮᠣᠩ᠋ᠭᠣᠯ ᠤᠯᠤᠰ ᠤᠨ ᠶᠡᠷᠦᠩᠬᠡᠢ ᠰᠠᠢᠢᠳ ᠤᠨ ᠢᠪᠡᠭᠡᠯ ᠳᠣᠣᠷ᠎ᠠ ᠬᠥᠳᠡᠯᠮᠦᠷᠢ ᠨᠡᠢᠢᠭᠡᠮ ᠤᠨ ᠬᠠᠮᠠᠭᠠᠯᠠᠯ ᠤᠨ ᠶᠠᠮᠤ᠂ ᠮᠣᠩ᠋ᠭᠣᠯ ᠤᠨ ᠡᠮᠡᠭᠲᠡᠢᠢᠴᠦᠳ ᠦᠨ ᠬᠣᠯᠪᠣᠭ᠎ᠠ ᠬᠠᠮᠲᠤᠷᠠᠨ ᠵᠣᠬᠢᠶᠠᠨ ᠪᠠᠢᠢᠭᠤᠯᠵᠤ ᠪᠤᠢ ᠬᠦᠴᠦᠷᠬᠡᠢᠢᠯᠡᠯ ᠦᠨ ᠡᠰᠡᠷᠭᠦ ᠬᠦᠮᠦᠨ ᠪᠦᠷᠢ ᠢᠢᠨ ᠣᠷᠣᠯᠴᠠᠭ᠎ᠠ》 ᠦᠨᠳᠦᠰᠦᠨ ᠦ ᠴᠢᠭᠤᠯᠭᠠᠨ ᠥᠨᠥᠳᠥᠷ ᠲᠥᠷᠥ ᠢᠢᠨ ᠣᠷᠳᠣᠨ ᠤ ᠶᠡᠬᠡ ᠲᠠᠩᠬᠢᠮ ᠳᠤ ᠪᠣᠯᠤᠯ᠎ᠠ᠃

 

ᠦᠨᠳᠦᠰᠦᠨ ᠦ ᠴᠢᠭᠤᠯᠭᠠᠨ ᠳᠤ ᠣᠷᠣᠯᠴᠠᠭᠴᠢᠳ ᠲᠤ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠯᠡᠭᠡᠯᠲᠡ ᠬᠦᠷᠭᠡᠭᠦᠯᠦᠭᠰᠡᠨ ᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠢᠷᠭᠡᠨ ᠦ ᠨᠡᠢᠢᠭᠡᠮ᠂ ᠬᠦᠮᠦᠨ ᠦ ᠡᠷᠬᠡ ᠢᠢᠨ ᠪᠣᠳᠣᠯᠭ᠎ᠠ ᠢᠢᠨ ᠵᠥᠪᠯᠡᠬᠦ ᠭ ∙ ᠤᠶᠠᠩ᠋ᠭ᠎ᠠ ᠤᠩᠰᠢᠵᠤ ᠲᠠᠨᠢᠯᠴᠠᠭᠤᠯᠪᠠ᠃

 

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠢᠯᠡᠭᠡᠯᠲᠡ ᠳᠥ᠄

 

《ᠬᠦᠴᠦᠷᠬᠡᠢᠢᠯᠡᠯ ᠲᠡᠷᠡ ᠳᠤᠮᠳᠠ ᠪᠠᠨ ᠭᠡᠷ ᠪᠦᠯᠢ ᠢᠢᠨ ᠬᠦᠴᠦᠷᠬᠡᠢᠢᠯᠡᠯ ᠪᠣᠯ ᠡᠮᠡᠭᠲᠡᠢᠢᠴᠦᠳ ᠦᠨ ᠡᠷᠬᠡ ᠢᠢᠨ ᠬᠡᠷᠡᠭᠵᠢᠯᠲᠡ ᠳᠥ ᠲᠤᠯᠭᠠᠷᠠᠵᠤ ᠪᠤᠢ ᠨᠣᠴᠢᠲᠠᠢ ᠠᠰᠠᠭᠤᠳᠠᠯ ᠮᠥᠨ᠃ ᠭᠡᠷ ᠪᠦᠯᠢ ᠢᠢᠨ ᠬᠦᠴᠦᠷᠬᠡᠢᠢᠯᠡᠯ ᠦᠨ ᠬᠣᠬᠢᠷᠠᠭᠴᠢᠳ ᠤᠨ 70 ᠭᠠᠷᠤᠢ ᠬᠤᠪᠢ ᠨᠢ ᠡᠮᠡᠭᠲᠡᠢᠢᠴᠦᠳ ᠪᠣᠯᠵᠤ᠂ ᠭᠡᠷ ᠪᠦᠯᠢ ᠰᠠᠯᠤᠯᠲᠠ ᠵᠢᠯ ᠡᠴᠡ ᠵᠢᠯ ᠳᠥ ᠨᠡᠮᠡᠭᠳᠡᠵᠦ ᠪᠠᠢᠢᠨ᠎ᠠ᠃ ᠡᠭᠦᠨ ᠡᠴᠡ ᠡᠭᠦᠳᠡᠬᠦ ᠨᠡᠢᠢᠭᠡᠮ ᠤᠨ ᠰᠥᠷᠭᠦ ᠦᠷ᠎ᠡ ᠳᠠᠭᠠᠪᠤᠷᠢ᠂ ᠬᠣᠬᠢᠷᠠᠯ ᠢ ᠴᠤ ᠡᠮᠡᠭᠲᠡᠢᠢᠴᠦᠳ ᠯᠠ ᠢᠯᠡᠭᠦᠦ ᠲᠡᠢ ᠪᠡᠷ ᠠᠮᠰᠠᠵᠤ ᠪᠠᠢᠢᠨ᠎ᠠ᠃ ᠲᠡᠢᠢᠮᠦ ᠤᠴᠢᠷ ᠠᠴᠠ ᠭᠡᠷ ᠪᠦᠯᠢ ᠢᠢᠨ ᠬᠦᠴᠦᠷᠬᠡᠢᠢᠯᠡᠯ ᠢ ᠪᠠᠭᠤᠷᠠᠭᠤᠯᠬᠤ᠂ ᠬᠢᠵᠠᠭᠠᠷᠯᠠᠬᠤ ᠲᠠᠯ᠎ᠠ ᠳᠡᠭᠡᠷ᠎ᠡ ᠲᠥᠷᠥ ᠢᠢᠨ ᠪᠠᠢᠢᠭᠤᠯᠤᠯᠭ᠎ᠠ ᠨᠤᠭᠤᠳ ᠨᠡᠩ ᠳᠠᠷᠤᠢ ᠲᠣᠳᠣᠷᠬᠠᠢ ᠠᠵᠢᠯ ᠤᠳ ᠢ ᠡᠷᠬᠡ ᠵᠦᠢ ᠢᠢᠨ ᠬᠤᠪᠢ ᠳᠤ ᠴᠤ᠂ ᠵᠣᠬᠢᠶᠠᠨ ᠪᠠᠢᠢᠭᠤᠯᠤᠯᠲᠠ᠂ ᠭᠦᠢᠴᠡᠳᠬᠡᠯ ᠦᠨ ᠬᠤᠪᠢ ᠳᠤ ᠴᠤ ᠬᠢᠬᠦ ᠱᠠᠭᠠᠷᠳᠠᠯᠭ᠎ᠠ ᠲᠠᠢ᠃ ᠮᠣᠩ᠋ᠭᠣᠯ ᠤᠯᠤᠰ ᠤᠨ ᠬᠦᠮᠦᠨ ᠠᠮᠠ ᠢᠢᠨ ᠲᠠᠯ᠎ᠠ ᠬᠤᠪᠢ ᠢᠢ ᠪᠦᠷᠢᠳᠦᠭᠦᠯᠵᠦ ᠪᠠᠢᠢᠭ᠎ᠠ ᠡᠮᠡᠭᠲᠡᠢᠢᠴᠦᠳ ᠢᠶᠡᠨ ᠡᠷᠬᠡ ᠲᠡᠭᠰᠢ᠂ ᠲᠡᠨᠢᠭᠦᠨ ᠵᠢᠷᠭᠠᠯ ᠲᠠᠢ ᠭᠡᠷ ᠪᠦᠯᠢ ᠳᠥ᠂ ᠠᠵᠢᠯ ᠲᠠᠢ ᠣᠷᠣᠯᠭ᠎ᠠ ᠲᠠᠢ ᠰᠠᠢᠢᠬᠠᠨ ᠠᠮᠢᠳᠤᠷᠠᠬᠤ ᠨᠥᠬᠥᠴᠡᠯ ᠢ ᠬᠠᠩ᠋ᠭᠠᠬᠤ ᠨᠢ ᠮᠣᠩ᠋ᠭᠣᠯ ᠤᠨ ᠲᠥᠷᠥ ᠢᠢᠨ ᠡᠷᠬᠢᠮ ᠡᠭᠦᠷᠭᠡ ᠮᠥᠨ᠃

 

ᠬᠦᠴᠦᠷᠬᠡᠢᠢᠯᠡᠯ ᠦᠨ ᠡᠰᠡᠷᠬᠦ ᠬᠦᠮᠦᠨ ᠪᠦᠷᠢ ᠲᠡᠷᠡ ᠳᠤᠮᠳᠠ ᠪᠠᠨ ᠡᠮᠡᠭᠲᠡᠢᠢᠴᠦᠳ ᠮᠠᠨᠢ ᠥᠪᠡᠷᠰᠡᠳ ᠦᠨ ᠢᠶᠡᠨ ᠲᠥᠯᠥᠭᠡ᠂ ᠬᠡᠦᠬᠡᠳ ᠦᠳ ᠦᠨ ᠢᠶᠡᠨ ᠲᠥᠯᠥᠭᠡ᠂ ᠡᠮᠡᠭᠲᠡᠢᠢᠴᠦᠳ᠂ ᠬᠡᠦᠬᠡᠳ ᠦᠳ ᠲᠥ ᠡᠭᠡᠯᠢᠲᠡᠢ ᠬᠦᠴᠦᠷᠬᠡᠢᠢᠯᠡᠯᠭᠦᠢ ᠨᠡᠢᠢᠭᠡᠮ ᠤᠨ ᠲᠥᠯᠥᠭᠡ ᠡᠬᠡ ᠬᠦᠮᠦᠨ ᠦ ᠰᠡᠳᠬᠢᠯ ᠢᠶᠡᠷ ᠬᠠᠮᠤᠭ ᠤᠨ ᠲᠦᠷᠦᠭᠦᠨ ᠦᠵᠡᠯ ᠪᠣᠳᠣᠯ᠂ ᠳᠠᠭᠤ ᠬᠣᠭᠣᠯᠠᠢ ᠢᠢ ᠪᠠᠨ ᠨᠢᠭᠡᠳᠬᠡᠨ᠂ ᠡᠮᠡᠭᠲᠡᠢᠢᠴᠦᠳ ᠦᠨ ᠪᠠᠢᠢᠭᠤᠯᠤᠯᠭ᠎ᠠ᠂ ᠰᠠᠯᠪᠤᠷᠢ ᠢᠢᠨ ᠶᠠᠮᠤ ᠨᠢᠭᠡᠳᠦᠭᠰᠡᠨ ᠵᠣᠬᠢᠶᠠᠨ ᠪᠠᠢᠢᠭᠤᠯᠤᠯᠲᠠ ᠪᠠᠷ ᠬᠠᠩ᠋ᠭᠠᠨ᠂ ᠮᠠᠩᠯᠠᠢᠢᠯᠠᠵᠤ ᠠᠵᠢᠯᠯᠠᠭᠠᠰᠠᠢ ᠭᠡᠵᠦ ᠬᠦᠰᠡᠵᠦ᠂ ᠪᠣᠳᠠᠲᠠᠢ ᠠᠵᠢᠯ ᠤᠳ ᠬᠢᠬᠦ᠂ ᠰᠠᠨᠠᠭᠠᠴᠢᠯᠠᠬᠤ ᠢᠢ ᠤᠷᠢᠶᠠᠯᠠᠶ᠎ᠠ᠃

 

ᠡᠮᠡᠭᠲᠡᠢᠢᠴᠦᠳ ᠦᠨ ᠠᠵᠤ ᠪᠠᠢᠢᠳᠠᠯ ᠢ ᠰᠠᠢᠢᠵᠢᠷᠠᠭᠤᠯᠬᠤ᠂ ᠡᠳ᠋ ᠍ ᠦᠨ ᠵᠠᠰᠠᠭ᠂ ᠨᠡᠢᠢᠭᠡᠮ ᠤᠨ ᠦᠷ᠎ᠡ ᠰᠢᠮ᠎ᠡ ᠢᠢ ᠨᠡᠮᠡᠭᠳᠡᠭᠦᠯᠬᠦ ᠵᠣᠷᠢᠯᠭ᠎ᠠ ᠪᠠᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ 《ᠣᠶᠣᠳᠠᠯ ᠤᠨ ᠰᠠᠯᠪᠤᠷᠢ ᠢᠢᠨ ᠬᠥᠭ᠍ᠵᠢᠯ ᠦᠨ ᠥᠨᠥ ᠢᠢᠨ ᠲᠦᠪᠰᠢᠨ᠂ ᠭᠠᠷᠴᠠ᠂ ᠰᠢᠢᠳᠦᠯ》 ᠵᠥᠪᠯᠡᠭᠡᠨ ᠢ 2017 ᠣᠨ ᠤ 11  ᠳ᠋ᠦᠭᠡᠷ ᠰᠠᠷ᠎ᠠ ᠳᠤ ᠵᠣᠬᠢᠶᠠᠨ ᠪᠠᠢᠢᠭᠤᠯᠵᠤ᠂ ᠵᠥᠪᠯᠡᠭᠡᠨ ᠡᠴᠡ ᠭᠠᠷᠤᠭᠰᠠᠨ ᠵᠥᠪᠯᠡᠮᠵᠢ᠂ ᠰᠢᠢᠳᠦᠯ ᠦᠨ ᠬᠦᠷᠢᠶᠡᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠵᠦᠭ ᠡᠴᠡ ᠠᠮᠧᠷᠢᠺᠠ ᠢᠢᠨ ᠨᠢᠭᠡᠳᠦᠭᠰᠡᠨ ᠤᠯᠤᠰ ᠲᠠᠢ ᠬᠠᠮᠲᠤ ᠢᠢᠨ ᠠᠵᠢᠯᠯᠠᠭ᠎ᠠ ᠢᠢ ᠡᠬᠢᠯᠡᠭᠦᠯᠦᠭᠡᠳ ᠪᠠᠢᠢᠭ᠎ᠠ᠃ ᠡᠭᠦᠨ ᠦ ᠦᠷ᠎ᠡ ᠳ᠋ᠦᠩ ᠳᠥ ᠠᠮᠧᠷᠢᠺᠠ ᠢᠢᠨ ᠨᠢᠭᠡᠳᠦᠭᠰᠡᠨ ᠤᠯᠤᠰ ᠤᠨ ᠺᠣᠩᠷᠧᠰᠰ ᠤᠨ ᠨᠡᠷ᠎ᠡ ᠪᠦᠬᠦᠢ ᠭᠡᠰᠢᠭᠦᠳ 《ᠭᠤᠷᠪᠠᠳᠠᠭᠴᠢ ᠬᠥᠷᠰᠢ ᠢᠢᠨ ᠬᠤᠳᠠᠯᠳᠤᠭᠠᠨ ᠤ ᠬᠠᠤᠯᠢ》 ᠍ ᠢ ᠬᠡᠯᠡᠯᠴᠡᠭᠦᠯᠬᠦ ᠪᠡᠷ ᠺᠣᠩᠷᠧᠰ ᠲᠤ ᠡᠷᠭᠦᠨ ᠪᠠᠷᠢᠬᠤ ᠪᠠᠷ ᠪᠣᠯᠤᠭᠰᠠᠨ᠃ ᠡᠨᠡᠬᠦ ᠬᠠᠤᠯᠢ ᠢᠢᠨ ᠲᠥᠰᠥᠯ ᠪᠠᠲᠤᠯᠠᠭᠳᠠᠭᠰᠠᠨ ᠢᠶᠠᠷ ᠮᠣᠩ᠋ᠭᠣᠯ ᠤᠨ ᠣᠶᠣᠮᠠᠯ᠂ ᠰᠦᠯᠵᠢᠮᠡᠯ ᠪᠦᠲᠦᠭᠡᠭ᠍ᠳᠡᠬᠦᠨ ᠠᠮᠧᠷᠢᠺᠠ ᠢᠢᠨ ᠨᠢᠭᠡᠳᠦᠭᠰᠡᠨ ᠤᠯᠤᠰ ᠢᠢᠨ ᠵᠠᠬ᠎ᠠ ᠵᠡᠭᠡᠯᠢ ᠳᠥ ᠲᠠᠲᠠᠪᠤᠷᠢ ᠦᠭᠡᠢ ᠡᠺᠰᠫᠣᠷᠲ᠋ᠯᠠᠭᠳᠠᠬᠤ᠂ ᠮᠣᠩ᠋ᠭᠣᠯ ᠤᠯᠤᠰ – ᠠᠮᠧᠷᠢᠺᠠ ᠢᠢᠨ ᠨᠢᠭᠡᠳᠦᠭᠰᠡᠨ ᠤᠯᠤᠰ ᠤᠨ ᠬᠣᠭᠣᠷᠣᠨᠳᠣᠬᠢ ᠬᠤᠳᠠᠯᠳᠤᠭ᠎ᠠ ᠨᠡᠮᠡᠭᠳᠡᠬᠦ ᠡᠴᠡ ᠭᠠᠳᠠᠨ᠎ᠠ ᠣᠶᠣᠮᠠᠯ᠂ ᠰᠦᠯᠵᠢᠮᠡᠯ ᠪᠦᠲᠦᠭᠡᠭ᠍ᠳᠡᠬᠦᠨ ᠦ ᠰᠠᠯᠪᠤᠷᠢ ᠳᠤ ᠮᠣᠩ᠋ᠭᠣᠯ ᠡᠮᠡᠭᠲᠡᠢᠢᠴᠦᠳ ᠦᠨ ᠠᠵᠢᠯ ᠤᠨ ᠪᠠᠢᠢᠷᠢ ᠣᠯᠠᠨ ᠮᠢᠩ᠋ᠭ᠎ᠠ ᠪᠠᠷ ᠨᠡᠮᠡᠭᠳᠡᠨ᠎ᠡ ᠭᠡᠵᠦ ᠦᠵᠡᠵᠦ ᠪᠠᠢᠢᠭ᠎ᠠ ᠶᠤᠮ᠃

 

ᠴᠢᠭᠤᠯᠭᠠᠨ ᠤ ᠦᠢᠯᠡ ᠠᠵᠢᠯᠯᠠᠭᠠᠨ ᠳᠤ ᠠᠮᠵᠢᠯᠲᠠ ᠬᠦᠰᠡᠵᠦ᠂ ᠨᠡᠢᠢᠲᠡ ᠡᠮᠡᠭᠲᠡᠢᠢᠴᠦᠳ ᠲᠥ ᠪᠡᠨ ᠠᠵᠠ ᠵᠢᠷᠭᠠᠯ᠂ ᠡᠷᠡᠭᠦᠯ ᠡᠩᠬᠡ ᠢᠢ ᠢᠷᠦᠭᠡᠶ᠎ᠡ᠃

 

ᠠᠢᠢᠯ ᠪᠦᠷᠢ ᠠᠮᠤᠭᠤᠯᠠᠩ ᠵᠢᠷᠭᠠᠯᠠᠩ ᠲᠠᠢ ᠪᠠᠢᠢᠬᠤ ᠪᠣᠯᠲᠤᠭᠠᠢ》 ᠭᠡᠵᠡᠢ᠃