ᠲᠤᠯᠭᠤᠷ ᠲᠥᠷᠥ ᠢᠢᠨ 2228 ᠵᠢᠯ᠂ ᠶᠡᠬᠡ ᠮᠣᠩ᠋ᠭᠣᠯ ᠤᠯᠤᠰ ᠪᠠᠢᠢᠭᠤᠯᠤᠭᠳᠠᠰᠤᠨ ᠤ 813 ᠵᠢᠯ᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 108 ᠵᠢᠯ᠂ ᠠᠷᠠᠳ ᠤᠨ ᠬᠤᠪᠢᠰᠬᠠᠯ ᠤᠨ 98 ᠵᠢᠯ᠂ ᠠᠷᠠᠳᠴᠢᠯᠠᠭᠰᠠᠨ ᠬᠤᠪᠢᠰᠬᠠᠯ ᠤᠨ 30 ᠵᠢᠯ᠂ ᠣᠷᠴᠢᠨ ᠴᠠᠭ ᠤᠨ ᠵᠡᠪᠰᠡᠭᠲᠦ ᠬᠦᠴᠦᠨ ᠡᠭᠦᠰᠦᠨ ᠪᠠᠢᠢᠭᠤᠯᠤᠭᠳᠠᠰᠤᠨ ᠤ 98 ᠵᠢᠯ ᠦᠨ ᠣᠢ-ᠮᠣᠩ᠋ᠭᠣᠯ ᠴᠡᠷᠢᠭ ᠦᠨ ᠡᠳᠦᠷ᠂ ᠺᠠᠽᠠᠬ ᠲᠦᠮᠡᠨ ᠦ ᠨᠠᠤᠢᠷᠢᠽ ᠤᠨ ᠪᠠᠶᠠᠷ ᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠵᠠᠷᠯᠢᠭ ᠭᠠᠷᠭᠠᠵᠤ ᠪᠣᠯᠪᠠᠰᠤᠷᠠᠯ᠂ ᠰᠤᠶᠤᠯ ᠤᠷᠠᠯᠢᠭ᠂ ᠬᠥᠳᠡᠭᠡ ᠠᠵᠤ ᠠᠬᠤᠢ᠂ ᠲᠥᠷᠥ ᠢᠢᠨ ᠪᠠᠢᠢᠭᠤᠯᠤᠯᠭ᠎ᠠ ᠳᠤ ᠣᠯᠠᠨ ᠵᠢᠯ ᠦᠷ᠎ᠡ ᠪᠦᠲᠦᠭᠡᠯᠲᠡᠢ ᠠᠵᠢᠯᠯᠠᠭᠰᠠᠨ ᠨᠡᠷ᠎ᠡ ᠪᠦᠬᠦᠢ ᠬᠦᠮᠦᠰ ᠥᠦ ᠮᠣᠩ᠋ᠭᠣᠯ ᠤᠯᠤᠰ ᠤᠨ ᠭᠠᠪᠢᠶᠠᠲᠤ ᠴᠣᠯᠠ ᠬᠦᠷᠲᠡᠭᠡᠪᠡ᠃
ᠲᠥᠷᠦ ᠢᠢᠨ ᠳᠡᠭᠡᠳᠦ ᠴᠣᠯᠠ᠂ ᠣᠳᠤᠨ᠂ ᠮᠧᠳᠠᠯ ᠭᠠᠷᠳᠠᠭᠤᠯᠤᠭᠰᠠᠨ ᠤ ᠳᠠᠷᠠᠭ᠎ᠠ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ᠂ᠪᠠᠲᠤᠲᠤᠯᠭ᠎ᠠ᠄
《ᠲᠠ ᠪᠦᠬᠦᠨ ᠳᠥ ᠮᠣᠩ᠋ᠭᠣᠯ ᠴᠡᠷᠢᠭ ᠦᠨ ᠡᠳᠦᠷ᠂ ᠨᠠᠤᠢᠷᠢᠽ ᠤᠨ ᠪᠠᠶᠠᠷ ᠤᠨ ᠬᠠᠯᠠᠭᠤᠨ ᠮᠡᠨᠳᠦ ᠢᠢ ᠳᠡᠪᠰᠢᠭᠦᠯᠵᠦ᠂ ᠺᠠᠽᠠᠬ ᠤᠨ ᠤᠯᠠᠮᠵᠢᠯᠠᠯᠲᠤ ᠢᠷᠦᠭᠡᠯ ᠢ ᠡᠷᠭᠦᠨ ᠳᠡᠪᠰᠢᠭᠦᠯᠦᠶ᠎ᠡ᠃
ᠬᠦᠮᠦᠨ ᠠᠷᠠᠳ ᠡᠷᠡᠭᠦᠯ ᠪᠠᠢᠢᠭ
ᠬᠡᠦᠬᠡᠳ ᠪᠦᠬᠦᠨ ᠵᠢᠷᠭᠠᠯ ᠲᠠᠢ ᠪᠠᠢᠢᠭ
ᠢᠷᠦᠭᠡᠯ ᠠᠢᠢᠯᠠᠳᠬᠠᠯ ᠪᠡᠶᠡᠯᠡᠯ ᠢᠶᠡᠨ ᠣᠯᠵᠤ
ᠶᠢᠷᠲᠢᠨᠴᠦ ᠳᠠᠶᠠᠭᠠᠷ ᠠᠵᠠ ᠵᠢᠷᠭᠠᠯ ᠢᠶᠠᠷ ᠳᠦᠭᠦᠷᠴᠦ
ᠨᠠᠷᠠᠲᠤ ᠢᠢᠨ ᠬᠦᠮᠦᠰ ᠦᠨ ᠰᠡᠳᠬᠢᠯ ᠲᠡᠨᠢᠢᠵᠦ
ᠨᠠᠤᠢᠷᠢᠽ ᠤᠨ ᠪᠠᠶᠠᠷ ᠥᠯᠵᠡᠢ ᠪᠡᠨ ᠬᠠᠢᠢᠷᠠᠯᠠᠭ ᠠ᠋!
ᠪᠠᠶᠠᠷᠯᠠᠯ᠎ᠠ》 ᠭᠡᠪᠡ᠃