ᠲᠤᠯᠭᠤᠷ ᠲᠥᠷᠥ ᠢᠢᠨ 2228 ᠵᠢᠯ᠂ ᠶᠡᠬᠡ ᠮᠣᠩ᠋ᠭᠣᠯ ᠤᠯᠤᠰ ᠪᠠᠢᠢᠭᠤᠯᠤᠭᠳᠠᠰᠤᠨ ᠤ 813 ᠵᠢᠯ᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 108 ᠵᠢᠯ᠂ ᠠᠷᠠᠳ ᠤᠨ ᠬᠤᠪᠢᠰᠬᠠᠯ ᠤᠨ 98 ᠵᠢᠯ᠂ ᠠᠷᠠᠳᠴᠢᠯᠠᠭᠰᠠᠨ ᠬᠤᠪᠢᠰᠬᠠᠯ ᠤᠨ 30 ᠵᠢᠯ ᠦᠨ ᠣᠢ᠂ ᠣᠷᠴᠢᠨ ᠴᠠᠭ ᠤᠨ ᠵᠡᠪᠰᠡᠭᠲᠦ ᠬᠦᠴᠦᠨ ᠡᠭᠦᠰᠦᠨ ᠪᠠᠢᠢᠭᠤᠯᠤᠭᠳᠠᠰᠤᠨ ᠤ 98 ᠵᠢᠯ ᠦᠨ ᠣᠢ-ᠮᠣᠩ᠋ᠭᠣᠯ ᠴᠡᠷᠢᠭ ᠦᠨ ᠡᠳᠦᠷ ᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠲᠥᠷᠦ ᠢᠢᠨ ᠲᠤᠰᠬᠠᠢ ᠠᠯᠪᠠᠨ ᠬᠠᠭᠠᠭᠴᠢᠳ ᠤᠨ ᠨᠢᠭᠡᠳᠦᠭᠰᠡᠨ ᠡᠮᠨᠡᠯᠭᠡ ᠢᠢ ᠬᠥᠳᠡᠯᠮᠦᠷᠢ ᠢᠢᠨ ᠭᠠᠪᠢᠶᠠᠨ ᠤ ᠤᠯᠠᠭᠠᠨ ᠲᠤᠭ ᠤᠨ ᠣᠳᠣᠨ ᠢᠶᠠᠷ ᠱᠠᠩᠨᠠᠬᠤ ᠵᠠᠷᠯᠢᠭ ᠭᠠᠷᠭᠠᠪᠠ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠵᠠᠷᠯᠢᠭ ᠲᠤ᠄ 《…ᠣᠯᠠᠨ ᠤᠯᠤᠰ ᠤᠨ ᠵᠢᠱᠢᠭ ᠲᠥ ᠨᠡᠢᠢᠴᠡᠭᠰᠡᠨ ᠣᠨᠣᠰᠢᠯᠠᠭ᠎ᠠ ᠡᠮᠴᠢᠯᠡᠭᠡ ᠢᠢ ᠰᠢᠨᠵᠢᠯᠡᠬᠦ ᠤᠬᠠᠭᠠᠨ ᠤ ᠣᠯᠤᠯᠲᠠ᠂ ᠰᠤᠷᠭᠠᠯᠲᠠ ᠰᠤᠳᠤᠯᠭ᠎ᠠ ᠲᠠᠢ ᠬᠣᠣᠰᠯᠠᠭᠤᠯᠤᠨ᠂ ᠢᠷᠭᠡᠳ ᠦᠨ ᠠᠮᠢ ᠨᠠᠰᠤ᠂ ᠡᠷᠡᠭᠦᠯ ᠮᠡᠨᠳᠦ ᠢᠢ ᠠᠪᠤᠷᠠᠨ ᠬᠠᠮᠠᠭᠠᠯᠠᠬᠤ᠂ ᠨᠥᠬᠦᠨ ᠰᠡᠷᠭᠦᠭᠡᠬᠦ᠂ ᠤᠷᠢᠳᠴᠢᠯᠠᠨ ᠰᠡᠷᠭᠡᠢᠢᠯᠡᠬᠦ᠂ ᠡᠮᠨᠡᠯᠭᠡ ᠢᠢᠨ ᠲᠤᠰᠠᠯᠠᠮᠵᠢ ᠦᠢᠯᠡᠴᠢᠯᠡᠭᠡ ᠢᠢ ᠰᠢᠭᠤᠷᠬᠠᠢ᠂ ᠲᠡᠭᠰᠢ᠂ ᠬᠦᠷᠲᠡᠭᠡᠮᠵᠢ ᠲᠡᠢ ᠦᠵᠡᠭᠦᠯᠬᠦ ᠦᠢᠯᠡᠰ ᠲᠥ ᠡᠷᠳᠡᠮ ᠮᠡᠳᠡᠯᠭᠡ᠂ ᠤᠷ᠎ᠠ ᠴᠢᠳᠠᠪᠤᠷᠢ ᠪᠠᠨ ᠳᠠᠢᠢᠴᠢᠯᠠᠨ ᠠᠵᠢᠯᠯᠠᠭᠰᠠᠨ᠂ ᠲᠤᠰ ᠪᠠᠢᠢᠭᠤᠯᠤᠯᠭ᠎ᠠ ᠢᠢᠨ ᠦᠶ᠎ᠡ ᠦᠶ᠎ᠡ ᠢᠢᠨ ᠠᠵᠢᠯᠲᠠᠨ ᠠᠯᠪᠠᠨ ᠬᠠᠭᠠᠭᠴᠢ᠂ ᠡᠮᠴᠢ᠂ ᠰᠤᠪᠢᠯᠠᠭᠴᠢ᠂ ᠣᠹᠢᠼᠧᠷ ᠦᠳ ᠦᠨ ᠬᠢᠴᠢᠶᠡᠯ ᠵᠢᠳᠬᠦᠯ ᠢ ᠦᠨᠡᠯᠡᠵᠦ ᠲᠥᠷᠦ ᠢᠢᠨ ᠲᠤᠰᠬᠠᠢ ᠠᠯᠪᠠᠨ ᠬᠠᠭᠠᠭᠴᠢᠳ ᠤᠨ ᠨᠢᠭᠡᠳᠦᠭᠰᠡᠨ ᠡᠮᠨᠡᠯᠭᠡ ᠢᠢ ᠲᠥᠷᠦ ᠢᠢᠨ ᠳᠡᠭᠡᠳᠦ ᠱᠠᠩᠨᠠᠯ ᠬᠥᠳᠡᠯᠮᠦᠷᠢ ᠢᠢᠨ ᠭᠠᠪᠢᠶᠠᠨ ᠤ ᠤᠯᠠᠭᠠᠨ ᠲᠤᠭ ᠤᠨ ᠣᠳᠣᠨ ᠢᠶᠠᠷ ᠱᠠᠩᠨᠠᠰᠤᠭᠠᠢ》 ᠭᠡᠵᠡᠢ᠃
ᠲᠥᠷᠥ ᠢᠢᠨ ᠲᠤᠰᠬᠠᠢ ᠠᠯᠪᠠᠨ ᠬᠠᠭᠠᠭᠴᠢᠳ ᠤᠨ ᠨᠢᠭᠡᠳᠦᠭᠰᠡᠨ ᠡᠮᠨᠡᠯᠭᠡ ᠢᠢ ᠬᠥᠳᠡᠯᠮᠦᠷᠢ ᠢᠢᠨ ᠭᠠᠪᠢᠶᠠᠨ ᠤ ᠤᠯᠠᠭᠠᠨ ᠲᠤᠭ ᠤᠨ ᠣᠳᠣᠨ ᠢᠶᠠᠷ ᠱᠠᠩᠨᠠᠬᠤ ᠬᠦᠨᠳᠦᠳᠬᠡᠯ ᠦᠨ ᠶᠣᠰᠣᠯᠠᠯ ᠥᠨᠥᠳᠥᠷ ᠲᠤᠰ ᠡᠮᠨᠡᠯᠭᠡ ᠢᠢᠨ 《ᠠ》 ᠪᠠᠢᠢᠷᠢᠨ ᠳᠤ ᠪᠣᠯᠵᠤ᠂ ᠡᠮᠨᠡᠯᠭᠡ ᠢᠢᠨ ᠵᠠᠬᠢᠷᠤᠯ᠂ ᠠᠨᠠᠭᠠᠬᠤ ᠤᠬᠠᠭᠠᠨ ᠤ ᠳ᠋ᠣᠺᠲ᠋ᠣᠷ᠂ ᠳᠡᠳ᠋ ᠫᠷᠣᠹᠧᠰᠰᠣᠷ᠂ ᠳᠡᠳ᠋ ᠬᠤᠷᠠᠨᠳᠠ ᠯ ∙ ᠪᠠᠲᠤᠲᠥ᠋ᠷᠤ ᠠᠷᠭ᠎ᠠ ᠬᠡᠮᠵᠢᠶ᠎ᠡ ᠢᠢ ᠨᠡᠭᠡᠭᠡᠵᠦ ᠦᠭᠡ ᠬᠡᠯᠡᠪᠡ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠵᠠᠷᠯᠢᠭ ᠢ ᠤᠩᠰᠢᠵᠤ ᠰᠣᠨᠣᠷᠳᠠᠭᠤᠯᠤᠭᠰᠠᠨ ᠤ ᠳᠠᠷᠠᠭ᠎ᠠ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠡᠮᠨᠡᠯᠭᠡ ᠢᠢᠨ ᠲᠤᠭ ᠳᠤ ᠬᠥᠳᠡᠯᠮᠦᠷᠢ ᠢᠢᠨ ᠭᠠᠪᠢᠶᠠᠨ ᠤ ᠤᠯᠠᠭᠠᠨ ᠲᠤᠭ ᠤᠨ ᠣᠳᠣᠨ ᠢᠶᠠᠷ ᠵᠡᠭᠦᠵᠦ᠂ ᠡᠮᠨᠡᠯᠭᠡ ᠢᠢᠨ ᠦᠶ᠎ᠡ ᠦᠶ᠎ᠡ ᠢᠢᠨ ᠬᠠᠮᠲᠤ ᠣᠯᠠᠨ ᠳᠤ ᠪᠠᠶᠠᠷ ᠬᠦᠷᠭᠡᠵᠦ᠂ ᠦᠭᠡ ᠬᠡᠯᠡᠯ᠎ᠡ᠃