ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠳᠠᠷᠤᠭ᠎ᠠ ᠪᠠᠷ ᠬᠣᠰᠢᠭᠤᠴᠢ ᠭᠧᠨᠧᠷᠠᠯ ᠠ᠊ ∙ ᠭᠠᠩᠪᠠᠲᠤ ᠢᠢ ᠲᠣᠮᠢᠯᠠᠬᠤ ᠰᠠᠨᠠᠯ ᠢᠢᠠᠨ ᠤᠯᠤᠰ ᠤᠨ ᠶᠡᠬᠡ ᠬᠤᠷᠠᠯ ᠲᠠᠢ ᠵᠥᠪᠰᠢᠯᠴᠡᠬᠦ ᠪᠡᠷ ᠬᠦᠷᠭᠡᠭᠦᠯᠦᠭᠰᠡᠨ ᠦ ᠳᠠᠭᠠᠭᠤ ᠥᠨᠥᠳᠥᠷ ᠤᠯᠤᠰ ᠤᠨ ᠶᠡᠬᠡ ᠬᠤᠷᠠᠯ ᠤᠨ ᠬᠣᠯᠪᠣᠭᠣᠳᠠᠬᠤ ᠪᠠᠢᠢᠩ᠋ᠭᠤ ᠢᠢᠨ ᠬᠣᠷᠢᠶ᠎ᠠ ᠪᠣᠯᠤᠨ ᠴᠢᠭᠤᠯᠭᠠᠨ ᠤ ᠨᠢᠭᠡᠳᠦᠭᠰᠡᠨ ᠬᠤᠷᠠᠯᠳᠤᠭᠠᠨ ᠢᠶᠠᠷ ᠲᠤᠰ ᠰᠠᠨᠠᠯ ᠢ ᠬᠡᠯᠡᠯᠴᠡᠨ᠂ ᠳᠡᠮᠵᠢᠯ᠎ᠡ᠃
ᠤᠯᠠᠮ ᠢᠶᠠᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ 《ᠠ᠊ ∙ ᠭᠠᠩᠪᠠᠲᠤ ᠢᠢ ᠠᠯᠪᠠᠨ ᠲᠤᠰᠢᠶᠠᠯ ᠳᠤ ᠲᠤᠮᠢᠯᠠᠬᠤ ᠲᠤᠬᠠᠢ》 ᠵᠠᠷᠯᠢᠭ ᠭᠠᠷᠭᠠᠪᠠ᠃
ᠵᠠᠷᠯᠢᠭ᠄
《ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠤᠬᠠᠢ ᠬᠠᠤᠯᠢ ᠢᠢᠨ 13 ᠳ᠋ᠤᠭᠠᠷ ᠵᠦᠢᠯ ᠦᠨ 8 ᠳ᠋ᠠᠬᠢ ᠬᠡᠰᠡᠭ᠂ ᠵᠡᠪᠰᠡᠭᠲᠦ ᠬᠦᠴᠦᠨ ᠦ ᠲᠤᠬᠠᠢ ᠬᠠᠤᠯᠢ ᠢᠢᠨ 11 ᠳ᠋ᠦ᠋ᠭᠡᠷ ᠵᠦᠢᠯ ᠦᠨ 11.1.10 ᠳ᠋ᠠᠬᠢ ᠵᠢᠭᠠᠯᠲᠠ ᠢᠢ ᠲᠤᠰ ᠲᠤᠰ ᠦᠨᠳᠦᠰᠦᠯᠡᠨ ᠵᠠᠷᠯᠢᠭ ᠪᠣᠯᠭᠠᠬᠤ ᠨᠢ᠄
ᠠᠶᠤᠱᠢ ᠢᠢᠨ ᠭᠠᠩᠪᠠᠲᠤ ᠢᠢ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠳᠠᠷᠤᠭ᠎ᠠ ᠢᠢᠨ ᠠᠯᠪᠠᠨ ᠲᠤᠰᠢᠶᠠᠯ ᠳᠤ ᠲᠣᠮᠢᠯᠠᠰᠤᠭᠠᠢ》 ᠭᠡᠵᠡᠢ᠃