ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠠ᠊ ∙ ᠭᠠᠩᠪᠠᠲᠤ ᠢᠢ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠳᠠᠷᠤᠭ᠎ᠠ ᠪᠠᠷ ᠲᠣᠮᠢᠯᠠᠬᠤ ᠵᠠᠷᠯᠢᠭ ᠭᠠᠷᠭᠠᠭᠰᠠᠨ ᠪᠢᠯᠡ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠵᠠᠷᠯᠢᠭ ᠭᠠᠷᠤᠭᠰᠠᠨ ᠲᠠᠢ ᠬᠣᠯᠪᠣᠭᠳᠠᠭᠤᠯᠵᠤ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ ᠥᠨᠥᠳᠥᠷ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠤᠳᠤᠷᠢᠳᠤᠯᠭ᠎ᠠ ᠢᠢᠨ ᠠᠵᠢᠯ ᠬᠦᠯᠢᠶᠡᠯᠴᠡᠬᠦ ᠶᠣᠰᠣᠯᠠᠯ ᠤᠨ ᠠᠷᠭ᠎ᠠ ᠬᠡᠮᠵᠢᠶᠡᠨ ᠳᠥ ᠣᠷᠣᠯᠴᠠᠪᠠ᠃
ᠡᠨᠡ ᠦᠶ᠎ᠡ ᠪᠡᠷ ᠢᠶᠡᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠪᠡᠶ᠎ᠡ ᠪᠦᠷᠢᠯᠳᠦᠬᠦᠨ ᠳᠥ ᠬᠠᠨᠳᠤᠨ ᠡᠭᠦᠷᠭᠡᠳᠥ ᠠᠵᠢᠯ ᠳᠤ ᠪᠠᠨ ᠣᠷᠣᠵᠤ ᠪᠤᠢ ᠠ᠊ ∙ ᠭᠠᠩᠪᠠᠲᠤ ᠢᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠵᠡᠪᠰᠡᠭᠲᠦ ᠬᠦᠴᠦᠨ ᠳᠥ ᠠᠯᠪᠠ ᠬᠠᠭᠠᠭᠰᠠᠨ ᠲᠤᠷᠰᠢᠯᠭ᠎ᠠ᠂ ᠮᠡᠳᠡᠯᠭᠡ᠂ ᠮᠡᠷᠭᠡᠰᠢᠭᠰᠡᠨ ᠪᠠᠢᠢᠳᠠᠯ ᠵᠡᠷᠭᠡ ᠢᠢ ᠬᠠᠷᠠᠭᠠᠯᠵᠠᠨ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠳᠠᠷᠤᠭ᠎ᠠ ᠪᠠᠷ ᠲᠣᠮᠢᠯᠠᠭᠰᠠᠨ ᠲᠠᠯ᠎ᠠ ᠪᠠᠷ ᠲᠠᠨᠢᠯᠴᠠᠭᠤᠯᠤᠯ᠎ᠠ᠃
ᠲᠤᠬᠠᠢᠢᠯᠠᠪᠠᠯ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ 《…ᠠ᠊ ∙ ᠭᠠᠩᠪᠠᠲᠤ ᠨᠢ 1969-1979 ᠣᠨ ᠳᠤ ᠤᠯᠠᠭᠠᠨᠪᠠᠭᠠᠲᠤᠷ ᠬᠣᠲᠠ ᠢᠢᠨ 2 ᠳ᠋ᠤᠭᠠᠷ 10 ᠵᠢᠯ ᠦᠨ ᠳᠤᠮᠳᠠ ᠰᠤᠷᠭᠠᠭᠤᠯᠢ᠂ 1979-1983 ᠣᠨ ᠳᠤ ᠵᠥᠪᠯᠡᠯᠲᠦ ᠬᠣᠯᠪᠣᠭᠠᠲᠤ ᠤᠯᠤᠰ ᠤᠨ ᠣᠳᠧᠰ ᠬᠣᠲᠠ ᠢᠢᠨ ᠴᠡᠷᠢᠭ ᠦᠨ ᠨᠢᠭᠡᠳᠦᠭᠰᠡᠨ ᠰᠤᠷᠭᠠᠭᠤᠯᠢ ᠢᠢ ᠭᠠᠵᠠᠷ ᠤᠨ ᠠᠷᠲ᠋ᠢᠯᠯᠧᠷ ᠤᠨ ᠺᠣᠮᠠᠨ᠋ᠳ᠋ ᠤᠨ᠂ 1988-1991 ᠣᠨ ᠳᠤ ᠵᠥᠪᠯᠡᠯᠲᠦ ᠬᠣᠯᠪᠣᠭᠠᠲᠤ ᠤᠯᠤᠰ ᠤᠨ ᠮᠣᠰᠺᠸᠠ ᠬᠣᠲᠠ ᠢᠢᠨ ᠮ ∙ ᠹ ∙ ᠹᠷᠤᠢᠨ᠋ᠽ ᠤᠨ ᠨᠡᠷᠡᠮᠵᠢᠲᠦ ᠴᠡᠷᠢᠭ ᠦᠨ ᠠᠺᠠᠳᠧᠮᠢ ᠢᠢ ᠺᠣᠮᠠᠨ᠋ᠳ᠋ ᠱᠲ᠋ᠠᠪ᠂ ᠣᠫᠧᠷᠠᠲ᠋ᠢᠸ ᠲᠠᠺᠲ᠋ᠢᠭ ᠤᠨ᠂ 1998-2000 ᠣᠨ ᠳᠤ ᠣᠷᠣᠰ ᠤᠨ ᠬᠣᠯᠪᠣᠭᠠᠨ ᠤ ᠤᠯᠤᠰ ᠤᠨ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠠᠺᠠᠳᠧᠮᠢ ᠢᠢ ᠺᠣᠮᠠᠨ᠋ᠳ᠋ ᠱᠲ᠋ᠠᠪ᠂ ᠣᠫᠧᠷᠠᠲ᠋ᠢᠸ ᠰᠲ᠋ᠷᠠᠲ᠋ᠧᠭᠢ ᠮᠡᠷᠭᠡᠵᠢᠯ ᠢᠶᠡᠷ ᠲᠤᠰ ᠲᠤᠰ ᠲᠡᠭᠦᠰᠦᠭᠰᠡᠨ ᠪᠣᠯᠪᠠᠰᠤᠷᠠᠯ ᠤᠨ ᠳ᠋ᠣᠺᠲ᠋ᠣᠷ ᠵᠡᠷᠭᠡ ᠲᠡᠢ᠃
1983 ᠣᠨ ᠳᠤ ᠮᠣᠩ᠋ᠭᠣᠯ ᠤᠨ ᠠᠷᠠᠳ ᠤᠨ ᠠᠷᠮᠢ ᠢᠢᠨ 019 ᠳ᠋ᠦ᠋ᠭᠡᠷ ᠠᠩᠭᠢ ᠢᠢᠨ ᠰᠤᠷᠭᠠᠭᠤᠯᠢ ᠢᠢᠨ ᠰᠠᠯᠠᠭᠠᠨ ᠤ ᠵᠠᠬᠢᠷᠤᠭᠴᠢ ᠠᠴᠠ ᠠᠵᠢᠯ ᠤᠨ ᠭᠠᠷᠤᠭ᠎ᠠ ᠪᠠᠨ ᠡᠬᠢᠯᠡᠭᠰᠡᠨ ᠪᠥᠭᠡᠳ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ 1 ᠳᠦᠭᠡᠷ ᠣᠷᠣᠯᠠᠭᠴᠢ ᠳᠠᠷᠤᠭ᠎ᠠ᠂ ᠳᠠᠷᠤᠭ᠎ᠠ ᠢᠢᠨ ᠡᠭᠦᠷᠭᠡ ᠭᠦᠢᠴᠡᠳᠭᠡᠭ᠍ᠴᠢ ᠪᠡᠷ ᠠᠵᠢᠯᠯᠠᠭᠰᠠᠨ᠃ ᠵᠡᠪᠰᠡᠭᠲᠦ ᠬᠦᠴᠦᠨ ᠳᠥ 31 ᠵᠢᠯ ᠠᠵᠢᠯᠯᠠᠭᠰᠠᠨ》 ᠵᠡᠷᠭᠡ ᠨᠠᠮᠲᠠᠷ᠂ ᠲᠤᠷᠰᠢᠯᠭ᠎ᠠ ᠢᠢ ᠨᠢ ᠲᠠᠨᠢᠯᠴᠠᠭᠤᠯᠵᠤ᠂ ᠠᠵᠢᠯ ᠤᠨ ᠠᠮᠵᠢᠯᠲᠠ ᠬᠦᠰᠡᠯ᠎ᠡ᠃