Та "Internet explorer"-ийн сүүлийн хувилбар болох "Microsoft edge"-г ашиглана уу

Хэрэв "Microsoft edge"-г татах бол энд дарж татаж авна уу

ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠤᠨ ᠶᠡᠷᠦᠩᠬᠡᠢ ᠰᠠᠢᠢᠳ ᠯᠢ ᠨᠠᠭ ᠶᠣᠩ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠪᠠᠷᠠᠭᠠᠯᠬᠠᠪᠠ

ᠮᠣᠩ᠋ᠭᠣᠯ ᠤᠯᠤᠰ ᠲᠤ ᠠᠯᠪᠠᠨ ᠶᠣᠰᠣᠨ ᠤ ᠠᠢᠢᠯᠴᠢᠯᠠᠯ ᠬᠢᠬᠦ ᠪᠡᠷ ᠬᠦᠷᠦᠯᠴᠡᠨ ᠢᠷᠡᠭᠰᠡᠨ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ᠍ ᠤᠨ ᠶᠡᠷᠦᠩᠬᠡᠢ ᠰᠠᠢᠢᠳ ᠯᠢ ᠨᠠᠭ ᠶᠣᠩ ᠥᠨᠥᠳᠥᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠪᠠᠷᠠᠭᠠᠯᠬᠠᠯ᠎ᠠ᠃

 

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠤᠨ ᠶᠡᠷᠦᠩᠬᠡᠢ ᠰᠠᠢᠢᠳ ᠯᠢ ᠨᠠᠭ ᠶᠣᠩ ᠢ ᠮᠣᠩ᠋ᠭᠣᠯ ᠤᠯᠤᠰ ᠲᠤ ᠲᠠᠪᠠᠲᠠᠢ ᠮᠣᠷᠢᠯᠠᠬᠤ ᠢᠢ ᠬᠦᠰᠡᠭᠡᠳ ᠥᠩᠭᠡᠷᠡᠭᠰᠡᠨ ᠣᠨ ᠳᠤ ᠣᠷᠣᠰ ᠤᠨ ᠬᠣᠯᠪᠣᠭᠠᠨ ᠤ ᠤᠯᠤᠰ ᠤᠨ ᠸᠯᠠᠳᠢᠸᠤᠰᠲ᠋ᠣᠺ ᠬᠣᠲᠠ ᠳᠤ ᠪᠣᠯᠤᠭᠰᠠᠨ ᠳᠣᠷᠣᠨ᠎ᠠ ᠢᠢᠨ ᠡᠳ᠋ ᠍ ᠦᠨ ᠵᠠᠰᠠᠭ ᠤᠨ IV ᠴᠢᠭᠤᠯᠭ᠎ᠠ ᠠᠭᠤᠯᠵᠠᠯᠲᠠ ᠢᠢᠨ ᠦᠶ᠎ᠡ ᠪᠡᠷ ᠠᠭᠤᠯᠵᠠᠭᠰᠠᠨ ᠠᠴᠠ ᠬᠣᠢᠢᠰᠢ ᠡᠢᠢᠨ ᠬᠦ ᠳᠠᠬᠢᠨ ᠠᠭᠤᠯᠵᠠᠵᠤ ᠪᠠᠢᠢᠭ᠎ᠠ ᠳᠤ ᠪᠠᠨ ᠪᠠᠶᠠᠷᠲᠠᠢ ᠪᠤᠢ ᠢᠢ ᠪᠠᠨ ᠢᠯᠡᠷᠬᠡᠢᠢᠯᠡᠯ᠎ᠡ᠃

 

ᠨᠣᠶᠠᠨ ᠯᠢ ᠨᠠᠭ ᠶᠣᠩ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠤᠨ ᠶᠡᠷᠦᠩᠬᠡᠢᠢᠯᠡᠭᠴᠢ ᠮᠦᠨ ᠵᠧ ᠢᠨ ᠦ ᠬᠠᠯᠠᠭᠤᠨ ᠳᠣᠲᠣᠨᠣ ᠮᠡᠨᠳᠦᠴᠢᠯᠡᠭᠡ ᠢᠢ ᠳᠠᠮᠵᠢᠭᠤᠯᠵᠤ᠂ ᠲᠠᠩᠳᠠ ᠴᠢᠩ ᠰᠡᠳᠬᠢᠯ ᠦᠨ ᠮᠡᠨᠳᠦᠴᠢᠯᠡᠭᠡ ᠬᠦᠷᠭᠡᠭᠦᠯᠦᠭᠰᠡᠨ ᠭᠡᠯ᠎ᠡ᠃

 

2020 ᠣᠨ ᠳᠤ ᠮᠣᠩ᠋ᠭᠣᠯ ᠤᠯᠤᠰ-ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 30 ᠵᠢᠯ ᠦᠨ ᠣᠢ ᠪᠣᠯᠬᠤ ᠪᠥᠭᠡᠳ ᠡᠨᠡ ᠣᠢ ᠢᠢ ᠥᠨᠳᠥᠷ ᠬᠡᠮᠵᠢᠶᠡᠨ ᠳᠥ᠂ ᠦᠷ᠎ᠡ ᠳᠦᠩ ᠲᠡᠢ ᠲᠡᠮᠳᠡᠭᠯᠡᠨ ᠥᠩᠭᠡᠷᠡᠭᠦᠯᠬᠦ ᠰᠠᠨᠠᠯ ᠲᠠᠢ ᠪᠤᠢ ᠢᠢ ᠪᠠᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠯᠡᠷᠬᠡᠢᠢᠯᠡᠵᠦ᠂ ᠡᠨᠡ ᠬᠦᠷᠢᠶᠡᠨ ᠳᠥ ᠬᠣᠶᠠᠷ ᠤᠯᠤᠰ ᠤᠨ ᠵᠠᠯᠠᠭᠤᠰ ᠤᠨ ᠪᠢᠽᠢᠨ᠋᠋ᠧᠰ ᠵᠥᠪᠯᠡᠯ ᠪᠠᠢᠢᠭᠤᠯᠬᠤ ᠵᠡᠷᠭᠡ ᠪᠣᠳᠠᠲᠤ ᠰᠠᠨᠠᠯ᠂ ᠰᠠᠨᠠᠭᠠᠴᠢᠯᠠᠭ᠎ᠠ ᠭᠠᠷᠭᠠᠵᠤ ᠪᠠᠢᠢᠭ᠎ᠠ ᠪᠠᠨ ᠬᠡᠯᠡᠯ᠎ᠡ᠃ ᠲᠤᠬᠠᠢᠢᠯᠠᠪᠠᠯ᠂ ᠮᠣᠩ᠋ᠭᠣᠯ ᠤᠯᠤᠰ ᠲᠤ ᠬᠥᠳᠡᠭᠡ ᠠᠵᠤ ᠠᠬᠤᠢ᠂ ᠬᠦᠨᠡᠰᠦ᠂ ᠠᠶᠠᠯᠠᠯ ᠵᠢᠭᠤᠯᠴᠢᠯᠠᠯ ᠵᠡᠷᠭᠡ ᠰᠠᠯᠪᠤᠷᠢ ᠳᠤ ᠪᠢᠽᠢᠨ᠋᠋ᠧᠰ ᠦᠨ ᠣᠷᠣᠨ ᠵᠠᠢ᠂ ᠬᠠᠷᠢᠨ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠲᠤ ᠨᠣᠤ ᠬᠠᠤ᠂ ᠲᠧᠭᠨᠣᠯᠣᠭᠢ ᠪᠠᠢᠢᠭ᠎ᠠ ᠤᠴᠢᠷ ᠠᠴᠠ ᠬᠣᠶᠠᠷ ᠣᠷᠣᠨ ᠤ ᠵᠠᠯᠠᠭᠤᠰ ᠢ ᠤᠶᠠᠯᠳᠤᠭ᠎ᠠ᠂ ᠬᠣᠯᠪᠣᠭᠠᠲᠠᠢ ᠪᠣᠯᠭᠠᠨ᠂ ᠪᠢᠽᠢᠨ᠋᠋ᠧᠰ ᠵᠥᠪᠯᠡᠯ ᠪᠠᠢᠢᠭᠤᠯᠬᠤ ᠪᠦᠷᠢᠨ ᠪᠣᠯᠤᠮᠵᠢ ᠲᠠᠢ ᠭᠡᠳ ᠡᠨᠡ ᠬᠦᠷᠢᠶᠡᠨ ᠳᠥ ᠬᠢᠭ᠍ᠳᠡᠭᠰᠡᠨ ᠰᠤᠳᠤᠯᠭ᠎ᠠ᠂ ᠲᠥᠰᠥᠯ ᠦᠳ ᠢ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠤᠨ ᠶᠡᠷᠦᠩᠬᠡᠢ ᠰᠠᠢᠢᠳ ᠯᠢ ᠨᠠᠭ ᠶᠣᠩ ᠳᠤ ᠭᠠᠷᠳᠠᠭᠤᠯᠤᠨ ᠥᠭ᠍ᠪᠡ᠃ ᠮᠥᠨ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠤᠨ ᠶᠡᠷᠦᠩᠬᠡᠢᠢᠯᠡᠭᠴᠢ ᠮᠦᠨ ᠵᠧ ᠢᠨ ᠦ ᠰᠠᠨᠠᠭᠠᠴᠢᠯᠠᠭᠰᠠᠨ ᠵᠡᠭᠦᠨ ᠠᠽᠢᠶ᠎ᠠ ᠢᠢᠨ ᠲᠡᠮᠦᠷ ᠵᠠᠮ ᠤᠨ ᠰᠦᠯᠵᠢᠶ᠎ᠡ ᠢᠢ ᠳᠡᠮᠵᠢᠨ ᠠᠵᠢᠯᠯᠠᠵᠤ ᠪᠠᠢᠢᠭ᠎ᠠ ᠪᠠᠨ ᠢᠯᠡᠷᠬᠡᠢᠢᠯᠡᠵᠦ᠂ ᠡᠨᠡ ᠨᠢ ᠪᠥᠰᠡ ᠨᠤᠲᠤᠭ ᠤᠨ ᠳᠡᠳ᠋ ᠪᠦᠲᠦᠴᠡ ᠪᠣᠯᠤᠭᠠᠳ ᠳᠠᠯᠠᠢ ᠳᠤ ᠭᠠᠷᠴᠠ ᠦᠭᠡᠢ ᠮᠣᠩ᠋ᠭᠣᠯ ᠤᠯᠤᠰ ᠲᠤ ᠬᠡᠷᠡᠭ ᠲᠡᠢ ᠰᠠᠨᠠᠭᠠᠴᠢᠯᠠᠭ᠎ᠠ ᠬᠡᠮᠡᠪᠡ᠃

 

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠩᠭᠡᠷᠡᠭᠰᠡᠨ ᠣᠨ ᠳᠤ ᠣᠷᠣᠰ ᠤᠨ ᠬᠣᠯᠪᠣᠭᠠᠨ ᠤ ᠤᠯᠤᠰ ᠤᠨ ᠸᠯᠠᠳᠢᠸᠤᠰᠲ᠋ᠣᠺ ᠬᠣᠲᠠ ᠳᠤ ᠪᠣᠯᠤᠭᠰᠠᠨ ᠳᠣᠷᠣᠨ᠎ᠠ ᠢᠢᠨ ᠡᠳ᠋ ᠍ ᠦᠨ ᠵᠠᠰᠠᠭ ᠤᠨ IV ᠴᠢᠭᠤᠯᠭᠠᠨ ᠳᠤ ᠣᠷᠣᠯᠴᠠᠬᠤ ᠳᠤ ᠪᠠᠨ ᠵᠡᠭᠦᠨ ᠬᠣᠢᠢᠳᠤ ᠠᠽᠢᠶ᠎ᠠ ᠢᠢᠨ ᠡᠷᠴᠢᠮ ᠬᠦᠴᠦᠨ ᠦ ᠰᠤᠢᠫᠧᠷ ᠰᠦᠯᠵᠢᠶ᠎ᠡ ᠪᠠᠢᠢᠭᠤᠯᠬᠤ ᠬᠠᠮᠲᠤᠷᠠᠭᠰᠠᠨ ᠠᠵᠢᠯ ᠤᠨ ᠬᠡᠰᠡᠭ᠂ ᠪᠠᠢᠢᠭᠤᠯᠤᠯᠭ᠎ᠠ ᠪᠠᠢᠢᠭᠤᠯᠬᠤ ᠰᠠᠨᠠᠯ ᠭᠠᠷᠭᠠᠭᠰᠠᠨ ᠲᠠᠯ᠎ᠠ ᠪᠠᠷ ᠢᠶᠠᠨ ᠡᠷᠭᠢᠨ ᠰᠠᠨᠠᠭᠤᠯᠵᠤ᠄

 

ᠮᠣᠩ᠋ᠭᠣᠯ ᠤᠯᠤᠰ ᠨᠠᠷᠠ᠂ ᠰᠠᠯᠬᠢ᠂ ᠨᠡᠭᠦᠷᠡᠰᠦᠨ ᠦ ᠵᠡᠷᠭᠡ ᠬᠢᠮᠳᠠ ᠡᠷᠴᠢᠮ ᠬᠦᠴᠦ ᠦᠢᠯᠡᠳᠪᠦᠷᠢᠯᠡᠯ ᠢᠶᠡᠷ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ᠂ ᠶᠠᠫᠣᠨ ᠤᠯᠤᠰ ᠤᠳ ᠤᠨ ᠡᠷᠴᠢᠮ ᠬᠦᠴᠦᠨ ᠦ ᠣᠷᠭᠢᠯ ᠴᠠᠭ ᠤᠨ ᠠᠴᠢᠶᠠᠯᠠᠯ ᠢ ᠬᠥᠩᠭᠡᠪᠴᠢᠯᠡᠬᠦ ᠪᠣᠯᠤᠮᠵᠢ ᠲᠠᠢ ᠲᠠᠯ᠎ᠠ ᠪᠠᠷ ᠲᠥᠰᠥᠯ᠂ ᠰᠤᠳᠤᠯᠭ᠎ᠠ ᠢᠢ ᠲᠣᠪᠴᠢ ᠲᠠᠨᠢᠯᠴᠠᠭᠤᠯᠪᠠ᠃ ᠪᠥᠰᠡ ᠨᠤᠲᠤᠭ ᠢ ᠬᠠᠮᠤᠷᠤᠭᠰᠠᠨ ᠬᠠᠮᠲᠤ ᠢᠢᠨ ᠠᠵᠢᠯᠯᠠᠭᠠᠨ ᠤ ᠳᠡᠭᠡᠷᠡᠬᠢ ᠬᠡᠯᠪᠡᠷᠢ ᠨᠦᠭᠦᠳ ᠨᠢ ᠪᠥᠰᠡ ᠨᠤᠲᠤᠭ ᠢ ᠡᠩᠬᠡ ᠲᠠᠢᠢᠪᠤᠩ ᠪᠠᠢᠢᠯᠭᠠᠬᠤ᠂ ᠢᠲᠡᠭᠡᠯᠴᠡᠯ ᠢ ᠨᠡᠮᠡᠭᠳᠡᠭᠦᠯᠬᠦ ᠥᠨᠳᠥᠷ ᠠᠴᠢ ᠬᠣᠯᠪᠣᠭᠳᠠᠯ ᠲᠠᠢ ᠬᠡᠮᠡᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠴᠣᠬᠣᠨ ᠲᠡᠮᠳᠡᠭᠯᠡᠯ᠎ᠡ᠃

 

ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠤᠨ ᠶᠡᠷᠦᠩᠬᠡᠢ ᠰᠠᠢᠢᠳ ᠯᠢ ᠨᠠᠭ ᠶᠣᠩ ᠢ 2020 ᠣᠨ ᠳᠤ ᠪᠣᠯᠬᠤ ᠮᠣᠩ᠋ᠭᠣᠯ ᠤᠯᠤᠰ-ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 30 ᠵᠢᠯ ᠦᠨ ᠣᠢ ᠢᠢᠨ ᠬᠦᠷᠢᠶᠡᠨ ᠳᠥ ᠣᠳᠣ ᠢᠢᠨ ᠢᠵᠢ ᠪᠦᠷᠢᠨ ᠲᠦᠩᠰᠢᠯᠡᠯ ᠦᠨ ᠬᠠᠷᠢᠯᠴᠠᠭ᠎ᠠ ᠢᠢ ᠰᠲ᠋ᠷᠠᠲ᠋ᠧᠭᠢ ᠢᠢᠨ ᠲᠦᠩᠰᠢᠯᠡᠯ ᠪᠣᠯᠭᠠᠬᠤ ᠢᠢᠨ ᠲᠤᠯᠠᠳᠠ ᠬᠢᠴᠢᠶᠡᠨ ᠠᠵᠢᠯᠯᠠᠬᠤ ᠪᠠᠨ ᠬᠡᠯᠡᠭᠡᠳ᠂ ᠣᠢ ᠢᠢᠨ ᠬᠦᠷᠢᠶᠡᠨ ᠳᠥ ᠣᠯᠠᠨ ᠠᠷᠭ᠎ᠠ ᠬᠡᠮᠵᠢᠶ᠎ᠡ ᠵᠣᠬᠢᠶᠠᠨ ᠪᠠᠢᠢᠭᠤᠯᠬᠤ ᠪᠠᠷ ᠲᠥᠯᠥᠪᠯᠡᠭᠰᠡᠨ ᠲᠠᠯ᠎ᠠ ᠪᠠᠷ ᠶᠠᠷᠢᠪᠠ᠃

 

ᠲᠤᠬᠠᠢᠢᠯᠠᠪᠠᠯ᠂ ᠳᠡᠭᠡᠷ᠎ᠡ ᠶᠠᠷᠢᠭᠳᠠᠭᠰᠠᠨ ᠲᠥᠰᠥᠯ ᠦᠳ ᠪᠣᠯᠤᠭᠠᠳ ᠠᠭᠠᠷ ᠤᠨ ᠲᠡᠭᠡᠭᠡᠪᠦᠷᠢ᠂ ᠤᠯᠤᠰ ᠬᠣᠭᠣᠷᠣᠨᠳᠣ ᠵᠣᠷᠴᠢᠬᠤ ᠠᠰᠠᠭᠤᠳᠠᠯ ᠵᠡᠷᠭᠡ ᠢᠢ ᠰᠠᠢᠢᠲᠤᠷ ᠶᠠᠷᠢᠯᠴᠠᠬᠤ ᠪᠠᠷ ᠪᠣᠯᠤᠭᠰᠠᠨ ᠲᠠᠯ᠎ᠠ ᠪᠠᠷ ᠮᠡᠳᠡᠭᠡᠯᠡᠯ ᠥᠭᠴᠦ᠂ ᠡᠳᠡᠭᠡᠷ ᠠᠰᠠᠭᠤᠳᠠᠯ ᠳᠤ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢ ᠠᠩ᠋ᠬᠠᠷᠴᠤ ᠥᠭ᠍ᠬᠦ ᠢᠢ ᠬᠦᠰᠡᠯ᠎ᠡ᠃ ᠮᠥᠨ ᠵᠠᠯᠠᠭᠤᠰ ᠤᠨ ᠪᠢᠽᠢᠨ᠋᠋ᠧᠰ ᠵᠥᠪᠯᠡᠯ ᠪᠠᠢᠢᠭᠤᠯᠬᠤ ᠰᠠᠨᠠᠯ ᠢ ᠳᠡᠮᠵᠢᠵᠦ ᠪᠠᠢᠢᠭ᠎ᠠ ᠪᠠᠨ ᠢᠯᠡᠷᠬᠡᠢᠢᠯᠡᠵᠦ᠂ ᠬᠣᠯᠪᠣᠭᠳᠠᠬᠤ ᠪᠠᠢᠢᠭᠤᠯᠤᠯᠭ᠎ᠠ ᠨᠤᠭᠤᠳ ᠢᠶᠠᠷ ᠳᠠᠮᠵᠢᠭᠤᠯᠤᠨ ᠦᠷ᠎ᠡ ᠳ᠋ᠦᠩ ᠭᠠᠷᠭᠠᠬᠤ ᠳᠤ ᠨᠢ ᠠᠩᠬᠠᠷᠴᠤ ᠠᠵᠢᠯᠯᠠᠬᠤ ᠪᠠᠨ ᠢᠯᠡᠷᠬᠡᠢᠢᠯᠡᠪᠡ᠃

 

ᠠᠭᠤᠯᠵᠠᠯᠲᠠ ᠢᠢᠨ ᠦᠶ᠎ᠡ ᠪᠡᠷ ᠮᠥᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠤᠷᠤᠭᠤ ᠵᠣᠷᠴᠢᠬᠤ ᠸᠢᠰ ᠤᠨ ᠠᠰᠠᠭᠤᠳᠠᠯ ᠢ ᠬᠥᠨᠳᠡᠨ ᠶᠠᠷᠢᠭᠰᠠᠨ ᠶᠤᠮ᠃ ᠵᠢᠱᠢᠶ᠎ᠡ ᠨᠢ᠂ ᠮᠣᠩ᠋ᠭᠣᠯ ᠢᠷᠭᠡᠳ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠲᠤ ᠪᠣᠭᠣᠨᠢ ᠬᠤᠭᠤᠴᠠᠭᠠᠨ ᠳᠤ ᠵᠣᠷᠴᠢᠨ ᠢᠷᠡᠳᠡᠭ ᠴᠤ ᠪᠤᠴᠠᠵᠤ ᠶᠠᠪᠤᠬᠤ ᠳᠤ ᠨᠢ ᠠᠰᠠᠭᠤᠳᠠᠯ ᠲᠤᠯᠭᠠᠷᠠᠳᠠᠭ᠃ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠲᠤ ᠪᠠᠢᠢᠬᠤ ᠬᠤᠭᠤᠴᠠᠭᠠᠨ ᠳᠤ ᠪᠠᠨ ᠸᠢᠰ ᠤᠨ ᠵᠥᠷᠢᠴᠡᠯ ᠭᠠᠷᠭᠠᠭ᠎ᠠ ᠦᠭᠡᠢ ᠢᠷᠭᠡᠳ ᠦᠨ ᠸᠢᠰ ᠢ ᠬᠦᠨᠳᠦᠷᠡᠯᠭᠦᠢ ᠭᠠᠷᠭᠠᠵᠤ ᠥᠭ᠍ᠬᠦ ᠳᠥ ᠠᠩ᠋ᠬᠠᠷᠴᠤ ᠠᠵᠢᠯᠯᠠᠬᠤ ᠢᠢ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠤᠨ ᠶᠡᠷᠦᠩᠬᠡᠢ ᠰᠠᠢᠢᠳ ᠯᠢ ᠨᠠᠭ ᠶᠣᠩ ᠠᠴᠠ ᠬᠦᠰᠡᠯ ᠡ᠃

 

ᠠᠭᠤᠯᠵᠠᠯᠲᠠ ᠢᠢᠨ ᠲᠡᠭᠦᠰᠬᠡᠯ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠶᠡᠷᠦᠩᠬᠡᠢ ᠰᠠᠢᠢᠳ ᠯᠢ ᠨᠠᠭ ᠶᠣᠩ ᠤᠨ ᠮᠣᠩ᠋ᠭᠣᠯ ᠤᠯᠤᠰ ᠲᠤ ᠬᠢᠬᠦ ᠠᠯᠪᠠᠨ ᠶᠣᠰᠣᠨ ᠤ ᠠᠢᠢᠯᠴᠢᠯᠠᠯ ᠳᠤ ᠨᠢ ᠠᠮᠵᠢᠯᠲᠠ ᠬᠦᠰᠡᠵᠦ᠂ ᠲᠤᠰ ᠤᠯᠤᠰ ᠤᠨ ᠶᠡᠷᠦᠩᠬᠡᠢᠢᠯᠡᠭᠴᠢ ᠮᠦᠨ ᠵᠧ ᠢᠨ ᠳᠥ ᠮᠡᠨᠳᠦᠴᠢᠯᠡᠭᠡ ᠳᠠᠮᠵᠢᠭᠤᠯᠤᠯ᠎ᠠ᠃