Та "Internet explorer"-ийн сүүлийн хувилбар болох "Microsoft edge"-г ашиглана уу

Хэрэв "Microsoft edge"-г татах бол энд дарж татаж авна уу

ᠣᠷᠣᠰ ᠤᠨ ᠬᠣᠯᠪᠣᠭᠠᠨ ᠤ ᠤᠯᠤᠰ ᠤᠨ ᠳ᠋ᠣᠺᠲ᠋ᠣᠷ᠂ ᠫᠷᠣᠹᠧᠰᠰᠣᠷ ᠲᠠᠮᠠᠷᠠ ᠸᠢᠺᠲ᠋ᠣᠷᠣᠸᠨ᠎ᠠ ᠮᠠᠬᠠᠢᠢᠯᠣᠸᠠ ᠢᠢ ᠨᠠᠢᠢᠷᠠᠮᠳᠠᠯ ᠮᠧᠳᠠᠯ ᠢᠶᠠᠷ ᠱᠠᠩᠨᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠵᠠᠷᠯᠢᠭ ᠭᠠᠷᠭᠠᠵᠤ᠂ ᠣᠷᠣᠰ ᠤᠨ ᠬᠣᠯᠪᠣᠭᠠᠨ ᠤ ᠤᠯᠤᠰ ᠤᠨ ᠭᠠᠪᠢᠶᠠᠲᠤ ᠳᠠᠰᠬᠠᠯᠵᠢᠭᠤᠯᠤᠭᠴᠢ᠂ ᠣᠷᠣᠰ ᠤᠨ ᠬᠣᠯᠪᠣᠭᠠᠨ ᠤ ᠤᠯᠤᠰ ᠤᠨ ᠪᠡᠶ᠎ᠡ ᠢᠢᠨ ᠲᠠᠮᠢᠷ᠂ ᠰᠫᠣᠷᠲ᠂ ᠵᠠᠯᠠᠭᠤᠴᠤᠳ ᠤᠨ ᠪᠣᠳᠣᠯᠭ᠎ᠠ᠂ ᠠᠶᠠᠯᠠᠯ ᠵᠢᠭᠤᠯᠴᠢᠯᠠᠯ ᠤᠨ ᠶᠡᠬᠡ ᠰᠤᠷᠭᠠᠭᠤᠯᠢ ᠢᠢᠨ ᠷᠧᠺᠲ᠋ᠣᠷ᠂ ᠳ᠋ᠣᠺᠲ᠋ᠣᠷ᠂ ᠫᠷᠣᠹᠧᠰᠰᠣᠷ ᠲᠠᠮᠠᠷᠠ ᠸᠢᠺᠲ᠋ᠣᠷᠣᠸᠨ᠎ᠠ ᠮᠠᠬᠠᠢᠢᠯᠣᠸᠠ ᠢᠢ ᠲᠥᠷᠥ ᠢᠢᠨ ᠳᠡᠭᠡᠳᠦ ᠱᠠᠩᠨᠠᠯ ᠨᠠᠢᠢᠷᠠᠮᠳᠠᠯ ᠮᠧᠳᠠᠯ ᠢᠶᠠᠷ ᠱᠠᠩᠨᠠᠯ᠎ᠠ᠃

 

ᠱᠠᠩᠨᠠᠯ ᠢ ᠥᠨᠥᠳᠥᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ ᠲᠥᠷᠥ ᠢᠢᠨ ᠣᠷᠳᠣᠨ ᠤ ᠶᠣᠰᠣᠯᠠᠯ ᠬᠦᠨᠳᠦᠳᠬᠡᠯ ᠦᠨ ᠲᠠᠩᠬᠢᠮ ᠳᠤ ᠭᠠᠷᠳᠠᠭᠤᠯᠵᠤ᠂ ᠳᠠᠷᠠᠭ᠎ᠠ ᠨᠢ ᠪᠠᠶᠠᠷ ᠬᠦᠷᠭᠡᠨ ᠬᠦᠯᠢᠶᠡᠨ ᠠᠪᠴᠤ ᠠᠭᠤᠯᠵᠠᠪᠠ᠃

 

ᠲᠠᠮᠠᠷᠠ ᠸᠢᠺᠲ᠋ᠣᠷᠣᠸᠨ᠎ᠠ ᠮᠠᠬᠠᠢᠢᠯᠣᠸᠠ ᠨᠢ ᠣᠷᠣᠰ ᠤᠨ ᠬᠣᠯᠪᠣᠭᠠᠨ ᠤ ᠤᠯᠤᠰ ᠤᠨ ᠪᠡᠶ᠎ᠡ ᠢᠢᠨ ᠲᠠᠮᠢᠷ᠂ ᠰᠫᠣᠷᠲ᠂ ᠵᠠᠯᠠᠭᠤᠴᠤᠳ ᠤᠨ ᠪᠣᠳᠣᠯᠭ᠎ᠠ᠂ ᠠᠶᠠᠯᠠᠯ ᠵᠢᠭᠤᠯᠴᠢᠯᠠᠯ ᠤᠨ ᠶᠡᠬᠡ ᠰᠤᠷᠭᠠᠭᠤᠯᠢ ᠢᠢᠨ ᠷᠧᠺᠲ᠋ᠣᠷ ᠢᠶᠠᠷ 1993 ᠣᠨ ᠠᠴᠠ ᠬᠣᠢᠢᠰᠢ ᠠᠵᠢᠯᠯᠠᠵᠤ ᠪᠠᠢᠢᠭ᠎ᠠ ᠪᠥᠭᠡᠳ ᠡᠨᠡ ᠰᠤᠷᠭᠠᠭᠤᠯᠢ ᠢᠢ ᠮᠣᠩ᠋ᠭᠣᠯ ᠤᠯᠤᠰ ᠤᠨ ᠪᠡᠶ᠎ᠡ ᠢᠢᠨ ᠲᠠᠮᠢᠷ᠂ ᠰᠫᠣᠷᠲ ᠤᠨ ᠬᠥᠭ᠍ᠵᠢᠯ ᠳᠥ ᠦᠨᠡᠲᠡᠢ ᠬᠤᠪᠢ ᠨᠡᠮᠡᠷᠢ ᠣᠷᠣᠭᠤᠯᠤᠭᠰᠠᠨ ᠣᠯᠠᠨ ᠠᠷᠪᠠᠨ ᠮᠡᠷᠭᠡᠵᠢᠯ ᠦᠨ ᠪᠣᠯᠪᠠᠰᠤᠨ ᠬᠦᠴᠦᠨ ᠰᠤᠷᠴᠤ᠂ ᠲᠡᠭᠦᠰᠦᠭᠰᠡᠨ ᠪᠠᠢᠢᠨ᠎ᠠ᠃

 

ᠡᠳᠡᠭᠡᠷ ᠨᠢ ᠮᠣᠩ᠋ᠭᠣᠯ ᠤᠯᠤᠰ ᠤᠨ ᠪᠡᠶ᠎ᠡ ᠢᠢᠨ ᠲᠠᠮᠢᠷ᠂ ᠰᠫᠣᠷᠲ ᠤᠨ ᠬᠥᠭ᠍ᠵᠢᠯ ᠳᠥ ᠰᠤᠷᠭᠠᠨ ᠬᠦᠮᠦᠵᠢᠭᠦᠯᠬᠦ᠂ ᠣᠶᠤᠨ ᠤ ᠪᠣᠯᠤᠨ ᠰᠢᠨᠵᠢᠯᠡᠬᠦ ᠤᠬᠠᠭᠠᠨ ᠤ ᠦᠨᠡᠲᠦ ᠵᠦᠢᠯ ᠪᠣᠯᠵᠤ ᠪᠤᠢ ᠢᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ ᠴᠣᠬᠣᠨ ᠲᠡᠮᠳᠡᠭᠯᠡᠭᠡᠳ ᠣᠷᠣᠰ ᠤᠨ ᠬᠣᠯᠪᠣᠭᠠᠨ ᠤ ᠤᠯᠤᠰ ᠤᠨ ᠪᠡᠶ᠎ᠡ ᠢᠢᠨ ᠲᠠᠮᠢᠷ᠂ ᠰᠫᠣᠷᠲ᠂ ᠵᠠᠯᠠᠭᠤᠴᠤᠳ ᠤᠨ ᠪᠣᠳᠣᠯᠭ᠎ᠠ᠂ ᠠᠶᠠᠯᠠᠯ ᠵᠢᠭᠤᠯᠴᠢᠯᠠᠯ ᠤᠨ ᠶᠡᠬᠡ ᠰᠤᠷᠭᠠᠭᠤᠯᠢ ᠢᠢᠨ ᠬᠢᠨ ᠦ ᠠᠢᠢᠯᠴᠢᠯᠠᠯ ᠮᠠᠨ ᠤ ᠤᠯᠤᠰ ᠤᠨ ᠪᠡᠶ᠎ᠡ ᠢᠢᠨ ᠲᠠᠮᠢᠷ᠂ ᠰᠫᠣᠷᠲ ᠤᠨ ᠬᠠᠮᠲᠤ ᠢᠢᠨ ᠠᠵᠢᠯᠯᠠᠭᠠᠨ ᠳᠤ ᠥᠷᠭᠡᠨ ᠪᠣᠯᠤᠮᠵᠢ᠂ ᠪᠣᠯᠤᠯᠴᠠᠭ᠎ᠠ ᠢᠢ ᠨᠡᠭᠡᠵᠦ ᠥᠭ᠍ᠭᠦᠨ᠎ᠡ ᠭᠡᠳᠡᠭ ᠲᠥ ᠢᠲᠡᠭᠡᠯ ᠲᠡᠢ ᠪᠤᠢ ᠢᠢ ᠪᠠᠨ ᠢᠯᠡᠷᠬᠡᠢᠢᠯᠡᠭᠰᠡᠨ ᠪᠢᠯᠡ᠃