Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠠᠽᠢᠶ᠎ᠠ ᠢᠢᠨ ᠬᠥᠭᠵᠢᠯ ᠦᠨ ᠪᠠᠩᠬᠢᠨ ᠤ ᠲᠥᠯᠥᠭᠡᠯᠡᠭᠴᠢᠳ ᠢ ᠬᠦᠯᠢᠶᠡᠨ ᠠᠪᠴᠤ ᠠᠭᠤᠯᠵᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠠᠽᠢᠶ᠎ᠠ ᠢᠢᠨ ᠬᠥᠭ᠍ᠵᠢᠯ ᠦᠨ ᠪᠠᠩᠬᠢᠨ᠍ ᠤ ᠵᠡᠭᠦᠨ ᠠᠽᠢᠶ᠎ᠠ ᠢᠢ ᠬᠠᠷᠢᠭᠤᠴᠠᠭᠰᠠᠨ ᠶᠡᠷᠦᠩᠬᠡᠢ ᠵᠠᠬᠢᠷᠤᠯ ᠡᠧᠮᠢ ᠯᠧᠤᠢᠩ ᠢ ᠪᠣᠯᠤᠨ ᠠᠽᠢᠶ᠎ᠠ ᠢᠢᠨ ᠬᠥᠭ᠍ᠵᠢᠯ ᠦᠨ ᠪᠠᠩᠬᠢᠨ᠍ ᠍ ᠤ ᠮᠣᠩ᠋ᠭᠣᠯ ᠳ᠋ᠠᠬᠢ ᠰᠠᠭᠤᠷᠢᠨ ᠲᠥᠯᠥᠭᠡᠯᠡᠭᠴᠢ ᠶᠣᠯᠠᠨ᠋ᠳᠠ ᠹᠧᠷᠨᠠᠨ᠋ᠳᠧᠽ ᠯᠣᠮᠮᠧᠨ ᠨᠠᠷ ᠤᠨ ᠲᠥᠯᠥᠭᠡᠯᠡᠭᠴᠢᠳ ᠢ ᠬᠦᠯᠢᠶᠡᠨ ᠠᠪᠴᠤ ᠠᠭᠤᠯᠵᠠᠯ᠎ᠠ᠃

 

ᠠᠭᠤᠯᠵᠠᠯᠲᠠ ᠢᠢᠨ ᠡᠬᠢᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠠᠽᠢᠶ᠎ᠠ ᠢᠢᠨ ᠬᠥᠭ᠍ᠵᠢᠯ ᠦᠨ ᠪᠠᠩᠬᠢ ᠨᠢ ᠮᠣᠩ᠋ᠭᠣᠯ ᠤᠯᠤᠰ ᠲᠤ ᠦᠢᠯᠡ ᠠᠵᠢᠯᠯᠠᠭ᠎ᠠ ᠪᠠᠨ ᠶᠠᠪᠤᠭᠤᠯᠵᠤ ᠪᠠᠢᠢᠭ᠎ᠠ ᠣᠯᠠᠨ ᠤᠯᠤᠰ ᠤᠨ ᠰᠠᠩᠬᠦᠦ ᠢᠢᠨ ᠪᠠᠢᠢᠭᠤᠯᠤᠯᠭ᠎ᠠ ᠨᠤᠭᠤᠳ ᠠᠴᠠ ᠬᠠᠮᠤᠭ ᠤᠨ ᠢᠳᠡᠪᠬᠢᠲᠡᠢ᠂ ᠰᠠᠩᠬᠦᠵᠢᠭᠦᠯᠦᠭᠰᠡᠨ ᠲᠥᠰᠥᠯ᠂ ᠬᠥᠲᠥᠯᠪᠦᠷᠢ ᠪᠣᠯᠤᠨ ᠰᠠᠩᠬᠦᠵᠢᠯᠲᠡ ᠢᠢᠨ ᠲᠣᠭ᠎ᠠ ᠬᠡᠮᠵᠢᠶ᠎ᠡ ᠪᠡᠷ ᠲᠡᠷᠢᠭᠦᠯᠡᠳᠡᠭ ᠲᠠᠯ᠎ᠠ ᠪᠠᠷ ᠳᠤᠷᠠᠳᠤᠭᠠᠳ ᠮᠣᠩ᠋ᠭᠣᠯ ᠤᠯᠤᠰ ᠤᠨ ᠪᠣᠳᠠᠲᠤ ᠪᠦᠲᠦᠭᠡᠨ ᠪᠠᠢᠢᠭᠤᠯᠤᠯᠲᠠ ᠳᠤ ᠦᠨᠡᠲᠡᠢ ᠬᠤᠪᠢ ᠨᠡᠮᠡᠷᠢ ᠣᠷᠣᠭᠤᠯᠤᠭᠰᠠᠨ ᠳᠤ ᠨᠢ ᠲᠠᠯᠠᠷᠬᠠᠯ ᠢᠯᠡᠷᠬᠡᠢᠢᠯᠡᠭᠰᠡᠨ ᠶᠤᠮ᠃

 

ᠥᠨᠥᠳᠥᠷ ᠦᠨ ᠠᠭᠤᠯᠵᠠᠯᠲᠠ ᠪᠠᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠡᠳ᠋ ᠪᠦᠲᠦᠴᠡ᠂ ᠲᠡᠷᠡ ᠳᠣᠲᠣᠷ᠎ᠠ ᠪᠠᠨ ᠲᠡᠮᠦᠷ ᠵᠠᠮ ᠤᠨ ᠲᠥᠰᠥᠯ ᠦᠳ᠂ ᠡᠷᠴᠢᠮ ᠬᠦᠴᠦ᠂ ᠪᠠᠷᠢᠯᠭ᠎ᠠ ᠬᠣᠲᠠ ᠪᠠᠢᠢᠭᠤᠯᠤᠯᠲᠠ ᠢᠢᠨ ᠵᠠᠷᠢᠮ ᠲᠥᠰᠥᠯ ᠦᠳ ᠦᠨ ᠲᠠᠯ᠎ᠠ ᠪᠠᠷ ᠮᠡᠳᠡᠭᠡᠯᠡᠯ ᠥᠭᠴᠦ᠂ ᠠᠽᠢᠶ᠎ᠠ ᠢᠢᠨ ᠬᠥᠭ᠍ᠵᠢᠯ ᠦᠨ ᠪᠠᠩᠬᠢᠨ᠍ ᠍ ᠤ ᠲᠥᠯᠥᠭᠡᠯᠡᠭᠴᠢᠳ ᠲᠡᠢ ᠰᠠᠨᠠᠯ ᠰᠣᠯᠢᠯᠴᠠᠯ᠎ᠠ᠃

 

ᠠᠽᠢᠶ᠎ᠠ ᠢᠢᠨ ᠬᠥᠭ᠍ᠵᠢᠯ ᠦᠨ ᠪᠠᠩᠬᠢᠨ᠍ ᠍ ᠤ ᠵᠡᠭᠦᠨ ᠠᠽᠢᠶ᠎ᠠ ᠢᠢ ᠬᠠᠷᠢᠭᠤᠴᠠᠭᠰᠠᠨ ᠶᠡᠷᠦᠩᠬᠡᠢ ᠵᠠᠬᠢᠷᠤᠯ ᠡᠧᠮᠢ ᠯᠧᠤᠢᠩ  ᠢ ᠲᠥᠰᠥᠯ᠂ ᠬᠥᠲᠥᠯᠪᠦᠷᠢ ᠨᠦᠭᠦᠳ ᠦᠨ ᠲᠠᠯ᠎ᠠ ᠪᠠᠷ ᠮᠡᠳᠡᠭᠡᠯᠡᠯ ᠠᠪᠤᠭᠰᠠᠨ ᠤ ᠪᠠᠨ ᠳᠠᠷᠠᠭ᠎ᠠ ᠵᠡᠭᠦᠨ ᠬᠣᠢᠢᠳᠤ ᠠᠽᠢᠶ᠎ᠠ ᠢᠢᠨ ᠪᠥᠰᠡ ᠨᠤᠲᠤᠭ ᠤᠨ ᠡᠷᠴᠢᠮ ᠬᠦᠴᠦᠨ ᠦ ᠨᠢᠭᠡᠳᠦᠭᠰᠡᠨ ᠰᠦᠯᠵᠢᠶ᠎ᠡ ᠢᠢ ᠪᠡᠬᠢᠵᠢᠭᠦᠯᠬᠦ ᠠᠰᠠᠭᠤᠳᠠᠯ ᠳᠤ ᠰᠠᠨᠠᠭᠠᠴᠢᠯᠠᠭ᠎ᠠ ᠭᠠᠷᠭᠠᠨ ᠠᠵᠢᠯᠯᠠᠵᠤ ᠪᠠᠢᠢᠭᠠᠳ ᠣᠨᠴᠠᠭᠠᠢᠢᠯᠠᠨ ᠲᠠᠯᠠᠷᠬᠠᠯ ᠢᠯᠡᠷᠬᠡᠢᠢᠯᠡᠵᠦ᠂ ᠡᠨᠡ ᠨᠢ ᠮᠣᠩ᠋ᠭᠣᠯ ᠤᠯᠤᠰ ᠤᠨ ᠬᠥᠭ᠍ᠵᠢᠯ ᠳᠥ ᠠᠯᠤᠰ ᠤᠨ ᠬᠠᠷᠠᠭ᠎ᠠ ᠲᠠᠢ ᠪᠣᠳᠣᠯᠭ᠎ᠠ ᠪᠣᠯᠬᠤ ᠢᠢ ᠴᠣᠬᠣᠨ ᠲᠡᠮᠳᠡᠭᠯᠡᠯ᠎ᠡ᠃

 

ᠮᠥᠨ ᠬᠠᠲᠤᠭᠲᠠᠢ ᠡᠧᠮᠢ ᠯᠧᠤᠢᠩ  ᠢ ᠠᠽᠢᠶ᠎ᠠ ᠢᠢᠨ ᠬᠥᠭ᠍ᠵᠢᠯ ᠦᠨ ᠪᠠᠩᠬᠢ ᠢᠢ ᠲᠥᠯᠥᠭᠡᠯᠡᠨ ᠴᠢᠨᠠᠭᠰᠢᠳᠠ ᠵᠡᠭᠦᠨ ᠬᠣᠢᠢᠳᠤ ᠠᠽᠢᠶ᠎ᠠ ᠢᠢᠨ ᠪᠥᠰᠡ ᠨᠤᠲᠤᠭ ᠤᠨ ᠡᠷᠴᠢᠮ ᠬᠦᠴᠦᠨ ᠦ ᠨᠢᠭᠡᠳᠦᠭᠰᠡᠨ ᠰᠦᠯᠵᠢᠶᠡᠨ ᠦ ᠰᠲ᠋ᠷᠠᠲ᠋ᠧᠭᠢ ᠢᠢ ᠳᠡᠮᠵᠢᠵᠦ ᠠᠵᠢᠯᠯᠠᠬᠤ ᠪᠠᠨ ᠪᠦᠷᠢᠨ ᠳᠦᠭᠦᠷᠡᠩ ᠢᠯᠡᠷᠬᠡᠢᠢᠯᠡᠵᠦ᠂ ᠣᠯᠠᠨ ᠲᠥᠰᠥᠯ᠂ ᠬᠥᠲᠥᠯᠪᠦᠷᠢ ᠨᠦᠭᠦᠳ ᠦᠨ ᠲᠠᠯ᠎ᠠ ᠪᠠᠷ ᠳᠡᠯᠭᠡᠷᠡᠩᠭᠦᠢ ᠮᠡᠳᠡᠭᠡᠯᠡᠯ ᠠᠪᠴᠤ᠂ ᠶᠠᠷᠢᠯᠴᠠᠬᠤ ᠵᠠᠪᠰᠢᠶᠠᠨ ᠣᠯᠭᠤᠭᠰᠠᠨ ᠶᠠᠪᠤᠳᠠᠯ ᠳᠤ ᠲᠠᠯᠠᠷᠬᠠᠯ ᠢᠯᠡᠷᠬᠡᠢᠢᠯᠡᠪᠡ᠃