ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠰᠢ ᠵᠢᠨᠫᠢᠩ ᠦᠨ ᠤᠷᠢᠯᠭ᠎ᠠ ᠪᠠᠷ 2019 ᠣᠨ ᠤ ᠳᠥᠷᠪᠡᠳᠦᠭᠡᠷ ᠰᠠᠷ᠎ᠠ ᠢᠢᠨ 24᠂ 25 ᠤ ᠡᠳᠦᠷ ᠦᠳ ᠲᠥ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠲᠤ ᠲᠥᠷᠥ ᠢᠢᠨ ᠠᠢᠢᠯᠴᠢᠯᠠᠯ ᠬᠢᠵᠦ᠂ 2019 ᠣᠨ ᠤ ᠳᠥᠷᠪᠡᠳᠦᠭᠡᠷ ᠰᠠᠷ᠎ᠠ ᠢᠢᠨ 26-28 ᠤ ᠡᠳᠦᠷ ᠦᠳ ᠲᠥ ᠪᠡᠭᠡᠵᠢᠩ ᠬᠣᠲᠠ ᠳᠤ ᠪᠣᠯᠬᠤ 《ᠪᠥᠰᠡ ᠪᠠ ᠵᠠᠮ》 ᠣᠯᠠᠨ ᠤᠯᠤᠰ ᠤᠨ ᠬᠠᠮᠲᠤ ᠢᠢᠨ ᠠᠵᠢᠯᠯᠠᠭᠠᠨ ᠤ ᠳᠡᠭᠡᠳᠦ ᠲᠦᠪᠰᠢᠨ ᠦ ᠬᠣᠶᠠᠷ ᠳᠠᠬᠢ ᠤᠳᠠᠭ᠎ᠠ ᠢᠢᠨ ᠠᠭᠤᠯᠵᠠᠯᠲᠠ ᠳᠤ ᠣᠷᠣᠯᠴᠠᠬᠤ ᠪᠠᠷ ᠥᠨᠥᠳᠥᠷ ᠡᠬᠡ ᠣᠷᠣᠨ ᠠᠴᠠ ᠪᠠᠨ ᠮᠣᠷᠳᠠᠯ᠎ᠠ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠠᠩᠬᠠᠨ ᠤ ᠲᠥᠷᠥ ᠢᠢᠨ ᠠᠢᠢᠯᠴᠢᠯᠠᠯ ᠤᠨ ᠢᠶᠠᠨ ᠬᠦᠷᠢᠶᠡᠨ ᠳᠥ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠰᠢ ᠵᠢᠨᠫᠢᠩ ᠲᠡᠢ ᠠᠭᠤᠯᠵᠠᠵᠤ᠂ ᠠᠯᠪᠠᠨ ᠶᠣᠰᠣᠨ ᠤ ᠬᠡᠯᠡᠯᠴᠡᠭᠡ ᠬᠢᠨ᠎ᠡ᠃
ᠮᠥᠨ 《ᠪᠦᠰ ᠪᠠ ᠵᠠᠮ》 ᠣᠯᠠᠨ ᠤᠯᠤᠰ ᠤᠨ ᠬᠠᠮᠲᠤ ᠢᠢᠨ ᠠᠵᠢᠯᠯᠠᠭᠠᠨ ᠤ ᠳᠡᠭᠡᠳᠦ ᠲᠦᠪᠰᠢᠨ ᠦ ᠬᠣᠶᠠᠷ ᠳᠠᠬᠢ ᠤᠳᠠᠭ᠎ᠠ ᠢᠢᠨ ᠴᠢᠭᠤᠯᠭ᠎ᠠ ᠠᠭᠤᠯᠵᠠᠯᠲᠠ ᠢᠢᠨ ᠲᠥᠯᠥᠭᠡᠯᠡᠭᠴᠢᠳ ᠦᠨ ᠲᠡᠷᠢᠭᠦᠨ ᠨᠠᠷ ᠤᠨ ᠳᠤᠭᠤᠢ ᠰᠢᠷᠡᠭᠡᠨ ᠦ ᠠᠭᠤᠯᠵᠠᠯᠲᠠ ᠳᠤ ᠣᠷᠣᠯᠴᠠᠵᠤ᠂ ᠦᠭᠡ ᠬᠡᠯᠡᠬᠦ ᠪᠡᠷ ᠲᠥᠯᠥᠪᠯᠡᠵᠦ ᠪᠠᠢᠢᠨ᠎ᠠ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢ ᠭᠠᠳᠠᠭᠠᠳᠤ ᠬᠠᠷᠢᠯᠴᠠᠭᠠᠨ ᠤ ᠰᠠᠢᠢᠳ ᠲ ∙ ᠴᠣᠭᠲᠤᠪᠠᠭᠠᠲᠤᠷ᠂ ᠮᠣᠩ᠋ᠭᠣᠯ ᠤᠯᠤᠰ ᠠᠴᠠ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠲᠦ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠲ ∙ ᠭᠠᠩᠬᠤᠶᠠᠭ᠂ ᠤᠯᠤᠰ ᠤᠨ ᠶᠡᠬᠡ ᠬᠤᠷᠠᠯ ᠤᠨ ᠳᠡᠳ᠋ ᠳᠠᠷᠤᠭ᠎ᠠ᠂ ᠤᠯᠤᠰ ᠤᠨ ᠶᠡᠬᠡ ᠬᠤᠷᠠᠯ ᠳᠠᠬᠢ ᠮᠣᠩ᠋ᠭᠣᠯ-ᠬᠢᠲᠠᠳ ᠤᠨ ᠫᠠᠷᠯᠠᠮᠧᠨ᠋ᠲ ᠤᠨ ᠪᠦᠯᠦᠭ ᠦᠨ ᠳᠠᠷᠤᠭ᠎ᠠ ᠶᠠ᠊ ∙ ᠰᠠᠨᠵᠢᠮᠢᠲᠠᠪᠠ᠂ ᠮᠣᠩ᠋ᠭᠣᠯ ᠤᠯᠤᠰ ᠤᠨ ᠰᠢᠳᠠᠷ ᠰᠠᠢᠢᠳ ᠥ᠊ ∙ ᠡᠩᠬᠡᠲᠦᠪᠰᠢᠨ᠂ ᠬᠦᠨᠡᠰᠦ᠂ ᠬᠥᠳᠡᠭᠡ ᠠᠵᠤ ᠠᠬᠤᠢ᠂ ᠬᠥᠩᠭᠡᠨ ᠦᠢᠯᠡᠳᠪᠦᠷᠢ ᠢᠢᠨ ᠰᠠᠢᠢᠳ ᠴ ∙ ᠤᠯᠠᠭᠠᠨ᠂ ᠵᠠᠮ ᠲᠡᠭᠡᠭᠡᠪᠦᠷᠢ ᠢᠢᠨ ᠬᠥᠭ᠍ᠵᠢᠯ ᠦᠨ ᠰᠠᠢᠢᠳ ᠪ ∙ ᠡᠩᠬᠡ-ᠠᠮᠤᠭᠤᠯᠠᠩ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ᠂ ᠦᠨᠳᠦᠰᠦᠨ ᠦ ᠠᠶᠤᠯ ᠦᠭᠡᠢ ᠪᠠᠢᠢᠳᠠᠯ ᠤᠨ ᠵᠥᠪᠯᠡᠯ ᠦᠨ ᠨᠠᠷᠢᠨ ᠪᠢᠴᠢᠭ᠌ ᠦᠨ ᠳᠠᠷᠤᠭ᠎ᠠ ᠠ᠊ ∙ ᠭᠠᠩᠰᠦ᠋ᠬᠡ ᠨᠠᠷ ᠤᠨ ᠠᠯᠪᠠᠨ ᠶᠣᠰᠣᠨ ᠤ ᠲᠥᠯᠥᠭᠡᠯᠡᠭᠴᠢᠳ ᠪᠣᠯᠤᠨ ᠠᠵᠢᠯ ᠤᠨ ᠬᠡᠰᠡᠭ᠂ ᠬᠡᠪᠯᠡᠯ᠂ ᠮᠡᠳᠡᠭᠡᠯᠡᠯ ᠦᠨ ᠪᠠᠢᠢᠭᠤᠯᠤᠯᠭ᠎ᠠ ᠢᠢᠨ ᠲᠥᠯᠥᠭᠡᠯᠡᠭᠴᠢᠳ ᠳᠠᠭᠠᠯᠳᠤᠨ ᠶᠠᠪᠤᠵᠤ ᠪᠠᠢᠢᠨ᠎ᠠ᠃