Та "Internet explorer"-ийн сүүлийн хувилбар болох "Microsoft edge"-г ашиглана уу

Хэрэв "Microsoft edge"-г татах бол энд дарж татаж авна уу

《ᠪᠥᠰᠡ ᠪᠠ ᠵᠠᠮ》 ᠴᠢᠭᠤᠯᠭ᠎ᠠ ᠠᠭᠤᠯᠵᠠᠯᠲᠠ ᠢᠢᠨ ᠲᠥᠯᠥᠭᠡᠯᠡᠭᠴᠢᠳ ᠦᠨ ᠲᠡᠷᠢᠭᠦᠯᠡᠭᠴᠢᠳ ᠢ ᠤᠭᠲᠤᠪᠠ

ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠪᠡᠭᠡᠵᠢᠩ ᠬᠣᠲᠠ ᠳᠤ ᠥᠴᠦᠭᠡᠳᠦᠷ ᠡᠬᠢᠯᠡᠭᠰᠡᠨ 《ᠪᠦᠰᠡ ᠪᠠ ᠵᠠᠮ》 ᠣᠯᠠᠨ ᠤᠯᠤᠰ ᠤᠨ ᠬᠠᠮᠲᠤ ᠢᠢᠨ ᠠᠵᠢᠯᠯᠠᠭᠠᠨ ᠤ ᠳᠡᠭᠡᠳᠦ ᠲᠦᠪᠰᠢᠨ ᠦ ᠬᠣᠶᠠᠷ ᠳ᠋ᠠᠬᠢ ᠤᠳᠠᠭ᠎ᠠ ᠢᠢᠨ ᠴᠢᠭᠤᠯᠭ᠎ᠠ ᠠᠭᠤᠯᠵᠠᠯᠲᠠ ᠥᠨᠥᠳᠥᠷ ᠲᠥᠯᠦᠭᠡᠯᠡᠭᠴᠢᠳ ᠦᠨ ᠲᠡᠷᠢᠭᠦᠨ ᠨᠠᠷ ᠤᠨ ᠳᠤᠭᠤᠢ ᠰᠢᠷᠡᠭᠡᠨ ᠦ ᠠᠭᠤᠯᠵᠠᠯᠲᠠ ᠪᠠᠷ ᠦᠷᠭᠦᠯᠵᠢᠯᠡᠵᠦ ᠪᠠᠢᠢᠨ᠎ᠠ᠃

 

ᠡᠨᠡ ᠬᠦ ᠠᠭᠤᠯᠵᠠᠯᠲᠠ ᠳᠤ ᠣᠷᠣᠯᠴᠠᠬᠤ ᠪᠠᠷ ᠢᠷᠡᠭᠰᠡᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠰᠢ ᠵᠢᠨᠫᠢᠩ 《ᠶᠠᠨᠢᠴᠢ ᠨᠠᠭᠤᠷ》 ᠣᠯᠠᠨ ᠤᠯᠤᠰ ᠤᠨ ᠬᠤᠷᠠᠯ ᠤᠨ ᠲᠥᠪ ᠦᠨ ᠬᠠᠨᠢᠴᠶᠦᠧ ᠲᠠᠯᠠᠪᠠᠢ ᠳᠤ ᠤᠭᠲᠤᠵᠤ᠂ ᠲᠥᠯᠦᠭᠡᠯᠡᠭᠴᠢᠳ ᠦᠨ ᠲᠡᠷᠢᠭᠦᠯᠡᠭᠴᠢᠳ ᠦᠨ ᠬᠠᠮᠲᠤ ᠵᠢᠷᠤᠭ ᠠᠪᠬᠠᠭᠤᠯᠪᠠ᠃

 

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠳᠤᠭᠤᠢ ᠰᠢᠷᠡᠭᠡᠨ ᠦ ᠠᠭᠤᠯᠵᠠᠯᠲᠠ ᠢᠢᠨ ᠦᠶ᠎ᠡ ᠪᠡᠷ ᠦᠭᠡ ᠬᠡᠯᠡᠬᠦ ᠪᠡᠷ ᠲᠥᠯᠦᠪᠯᠡᠵᠦ ᠪᠠᠢᠢᠨ᠎ᠠ᠃