Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠦᠨᠳᠦᠰᠦᠨ ᠦ ᠺᠢᠨᠣ᠋ ᠦᠢᠯᠡᠳᠪᠦᠷᠢ ᠢᠢᠨ ᠰᠢᠪᠠ ᠲᠠᠯᠪᠢᠬᠤ ᠶᠣᠰᠣᠯᠠᠯ ᠳᠤ ᠣᠷᠣᠯᠴᠠᠵᠤ᠂ ᠦᠭᠡ ᠬᠡᠯᠡᠯ᠎ᠡ

 

ᠲᠥᠪ ᠠᠢᠢᠮᠠᠭ ᠤᠨ ᠵᠠᠭᠤᠨᠮᠣᠳᠤ ᠰᠤᠮᠤ ᠠᠴᠠ 10 ᠺᠢᠯᠣᠮᠧᠲ᠋ᠷ ᠵᠠᠢ ᠳᠤ ᠪᠠᠢᠢᠷᠢᠯᠠᠬᠤ 《ᠮᠠᠢᠢᠳᠠᠷᠢ ᠡᠺᠣ ᠬᠣᠲᠠ》 ᠲᠥᠰᠥᠯ ᠦᠨ ᠲᠠᠯᠠᠪᠠᠢ ᠳᠤ ᠥᠨᠥᠳᠥᠷ ᠮᠣᠩ᠋ᠭᠣᠯ ᠤᠨ ᠦᠨᠳᠦᠰᠦᠨ ᠦ ᠺᠢᠨᠣ᠋ ᠦᠢᠯᠡᠳᠪᠦᠷᠢ ᠢᠢᠨ ᠰᠢᠪᠠ ᠲᠠᠯᠪᠢᠬᠤ ᠶᠣᠰᠣᠯᠠᠯ ᠪᠣᠯᠵᠤ᠂ ᠥᠨᠳᠥᠷᠯᠡᠯ᠎ᠡ᠃

ᠰᠢᠪᠠ ᠲᠠᠯᠪᠢᠬᠤ ᠶᠣᠰᠣᠯᠠᠯ ᠳᠤ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠣᠷᠣᠯᠴᠠᠵᠤ᠂ ᠦᠭᠡ ᠬᠡᠯᠡᠪᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠄
《ᠬᠦᠷᠦᠯᠴᠡᠨ ᠢᠷᠡᠭᠰᠡᠨ ᠵᠣᠴᠢᠨ᠂ ᠲᠥᠯᠥᠭᠡᠯᠡᠭᠴᠢ ᠲᠠ ᠪᠦᠬᠦᠨ ᠳᠥ ᠡᠨᠡ ᠥᠷᠯᠥᠭᠡᠨ ᠦ ᠮᠡᠨᠳᠦ ᠬᠦᠷᠭᠡᠶ᠎ᠡ᠃

ᠵᠤᠨ ᠤ ᠲᠡᠷᠢᠭᠦᠨ ᠰᠠᠷ᠎ᠠ ᠢᠢᠨ ᠰᠢᠨ᠎ᠡ ᠢᠢᠨ ᠭᠤᠷᠪᠠᠨ ᠤ ᠪᠡᠯᠭᠡᠲᠦ ᠰᠠᠢᠢᠨ ᠡᠨᠡ ᠡᠳᠦᠷ ᠲᠠ ᠪᠢᠳᠡ ᠮᠣᠩ᠋ᠭᠣᠯ ᠤᠨ ᠦᠨᠳᠦᠰᠦᠨ ᠦ ᠺᠢᠨᠣ᠋ ᠦᠢᠯᠡᠳᠪᠦᠷᠢ ᠢᠢᠨ ᠰᠢᠪᠠ ᠢᠢ ᠲᠠᠯᠪᠢᠬᠤ ᠪᠠᠷ ᠬᠦᠷᠦᠯᠴᠡᠨ ᠢᠷᠡᠭᠡᠳ ᠪᠠᠢᠢᠨ᠎ᠠ᠃

ᠲᠤᠩ ᠤᠳᠠᠬᠤ ᠦᠭᠡᠢ ᠡᠨᠳᠡ ᠰᠦᠨᠳᠡᠷᠯᠡᠬᠦ ᠮᠠᠢᠢᠳᠠᠷᠢ ᠡᠺᠣ ᠬᠣᠲᠠᠳ ᠨᠡᠢᠢᠲᠡ ᠳᠥ ᠪᠡᠨ 50 ᠭᠠ ᠲᠠᠯᠠᠪᠠᠢ ᠢᠢ ᠬᠠᠮᠤᠷᠤᠭᠰᠠᠨ 9 ᠰᠲ᠋ᠦ᠋ᠳᠢ᠂ ᠦᠢᠯᠡᠳᠪᠦᠷᠢᠯᠡᠯ ᠦᠨ ᠼᠧᡁ᠂ ᠵᠠᠳᠠᠭᠠᠢ ᠵᠢᠷᠤᠭ ᠠᠪᠤᠯᠲᠠ ᠢᠢᠨ ᠲᠠᠯᠠᠪᠠᠢ᠂ ᠠᠭᠤᠯᠬᠤ᠂ ᠣᠹᠹᠢᠰ ᠠᠴᠠ ᠪᠦᠷᠢᠳᠦᠭᠰᠡᠨ ᠣᠷᠴᠢᠨ ᠦᠶ᠎ᠡ ᠢᠢᠨ ᠲᠧᠭᠨᠢᠭ᠂ ᠲᠧᠭᠨᠣᠯᠣᠭᠢ ᠪᠦᠬᠦᠢ ᠺᠢᠨᠣ᠋ ᠦᠢᠯᠡᠳᠪᠦᠷᠢᠯᠡᠯ ᠦᠨ ᠴᠣᠭᠴᠠᠯᠠᠪᠤᠷᠢ ᠪᠠᠢᠢᠭᠤᠯᠤᠭᠳᠠᠬᠤ ᠶᠤᠮ᠃

ᠮᠠᠢᠢᠳᠠᠷᠢ ᠬᠣᠲᠠ ᠨᠢ ᠳᠣᠲᠣᠭᠠᠳᠤ᠂ ᠭᠠᠳᠠᠭᠠᠳᠤ ᠢᠢᠨ ᠵᠢᠭᠤᠯᠴᠢᠳ ᠢ ᠶᠡᠬᠡ ᠪᠡᠷ ᠲᠠᠲᠠᠭᠰᠠᠨ ᠭᠠᠵᠠᠷ ᠪᠠᠢᠢᠬᠤ ᠨᠢ ᠲᠣᠳᠣᠷᠬᠠᠢ ᠪᠥᠭᠡᠳ ᠢᠷᠡᠭᠰᠡᠨ ᠵᠢᠭᠤᠯᠴᠢᠳ ᠤᠨ ᠨᠢᠳᠦ ᠢᠢ ᠬᠤᠵᠢᠷᠯᠠᠬᠤ ᠵᠦᠢᠯᠡᠰ ᠡᠨᠡ ᠴᠣᠭᠴᠠᠯᠠᠪᠤᠷᠢ ᠳᠤ ᠪᠠᠰᠠ ᠪᠤᠢ ᠪᠣᠯᠬᠤ ᠪᠠᠢᠢᠬᠤ ᠠ᠋᠃ ᠡᠨᠡ ᠺᠢᠨᠣ᠋ ᠦᠢᠯᠡᠳᠪᠦᠷᠢᠯᠡᠯ ᠦᠨ ᠲᠠᠯᠠᠪᠠᠢ ᠳᠤ ᠵᠢᠯ ᠦᠨ ᠲᠤᠷᠰᠢ᠂ ᠴᠠᠭ ᠠᠭᠤᠷ ᠤᠨ ᠬᠠᠮᠢᠶᠠᠷᠤᠯ ᠠᠴᠠ ᠠᠩᠭᠢᠳᠠ ᠵᠢᠷᠤᠭ ᠠᠪᠤᠯᠲᠠ ᠬᠢᠬᠦ᠂ ᠲᠡᠦᠬᠡᠨ ᠦᠶ᠎ᠡ ᠱᠠᠲᠤ ᠨᠤᠭᠤᠳ ᠳᠠᠬᠢ ᠬᠣᠲᠠ ᠠᠢᠢᠯ᠂ ᠬᠣᠲᠠ ᠢᠢᠨ ᠠᠷᠬᠢᠲ᠋ᠧᠺᠲ᠋ᠣᠷ ᠤᠨ ᠪᠠᠢᠢᠭᠤᠯᠤᠮᠵᠢ ᠳᠤ ᠲᠡᠦᠬᠡ᠂ ᠤᠯᠠᠮᠵᠢᠯᠠᠯᠲᠤ ᠰᠤᠶᠤᠯ ᠠᠬᠤᠢ ᠢᠢ ᠬᠠᠷᠠᠭᠤᠯᠤᠭᠰᠠᠨ ᠵᠢᠷᠤᠭ ᠠᠪᠤᠯᠲᠠ ᠬᠢᠬᠦ ᠪᠣᠯᠤᠮᠵᠢ ᠲᠠᠢ ᠪᠣᠯᠬᠤ ᠶᠤᠮ ᠪᠠᠢᠢᠨ᠎ᠠ᠃

ᠮᠢᠨᠦ ᠵᠦᠭ ᠡᠴᠡ ᠲᠥᠰᠥᠯ ᠢ ᠳᠡᠮᠵᠢᠵᠦ ᠪᠠᠢᠢᠭ᠎ᠠ ᠭᠣᠣᠯ ᠰᠢᠯᠲᠠᠭᠠᠨ ᠨᠢ ᠮᠡᠳᠡᠭᠡᠯᠡᠯ ᠦᠨ ᠲᠧᠭᠨᠣᠯᠣᠭᠢ ᠢᠢᠨ ᠨᠡᠩ ᠰᠡᠭᠦᠯ ᠦᠨ ᠦᠶ᠎ᠡ ᠢᠢᠨ ᠣᠯᠤᠯᠲᠠ ᠢᠢ ᠺᠢᠨᠣ᠋ ᠤᠷᠠᠯᠢᠭ ᠥᠪᠡᠷᠲᠡᠭᠡᠨ ᠠᠪᠴᠤ᠂ ᠬᠡᠷᠡᠭᠵᠢᠭᠦᠯᠵᠦ ᠪᠠᠢᠢᠳᠠᠭ᠃ ᠮᠣᠩ᠋ᠭᠣᠯ ᠤᠨ ᠮᠡᠳᠡᠭᠡᠯᠡᠯ ᠦᠨ ᠲᠧᠭᠨᠣᠯᠣᠭᠢ ᠢᠢᠨ ᠮᠡᠷᠭᠡᠵᠢᠯᠲᠡᠨ ᠨᠦᠭᠦᠳ᠂ ᠺᠣᠮᠫᠢᠶᠦ᠋ᠲ᠋ᠧᠷ ᠭᠷᠠᠹᠢᠺ᠂ ᠸᠢᠳᠢᠣ᠋ ᠭᠷᠠᠹᠢᠺᠴᠢᠳ ᠡᠬᠡ ᠣᠷᠣᠨ ᠳᠤ ᠪᠠᠨ ᠳᠡᠯᠡᠬᠡᠢ ᠢᠢᠨ ᠵᠠᠬᠢᠶᠠᠯᠠᠭ᠎ᠠ ᠢᠢ ᠬᠦᠯᠢᠶᠡᠨ ᠠᠪᠴᠤ ᠣᠶᠤᠨ ᠤ ᠦᠢᠯᠡᠳᠪᠦᠷᠢᠯᠡᠯ ᠶᠠᠪᠤᠭᠤᠯᠬᠤ ᠪᠣᠯᠤᠮᠵᠢ ᠨᠡᠭᠡᠭᠡᠭ᠍ᠳᠡᠬᠦ ᠶᠤᠮ ᠭᠡᠵᠦ ᠦᠵᠡᠭᠰᠡᠨ ᠦ ᠬᠢ ᠶᠤᠮ᠃

ᠳᠡᠯᠡᠬᠡᠢ ᠢᠢᠨ ᠲᠡᠦᠬᠡᠨ ᠳᠥ ᠥᠪᠡᠷ ᠦᠨ ᠭᠡᠬᠦ ᠪᠠᠢᠢᠷᠢ ᠰᠠᠭᠤᠷᠢ ᠢᠢ ᠪᠠᠲᠤ ᠲᠠᠢ ᠡᠵᠡᠯᠡᠳᠡᠭ ᠮᠣᠩ᠋ᠭᠣᠯ ᠤᠨ ᠲᠡᠦᠬᠡ᠂ ᠳᠣᠮᠣᠭ᠂ ᠤᠯᠠᠮᠵᠢᠯᠠᠯ ᠤᠨ ᠲᠠᠯ᠎ᠠ ᠪᠠᠷ ᠺᠢᠨᠣ᠋ ᠪᠦᠲᠦᠭᠡᠯ ᠲᠤᠭᠤᠷᠪᠢᠬᠤ ᠣᠯᠠᠨ ᠤᠯᠤᠰ ᠤᠨ ᠤᠷᠠᠨ ᠪᠦᠲᠦᠭᠡᠯᠴᠢᠳ ᠲᠥ ᠡᠬᠡ ᠨᠤᠲᠤᠭ ᠲᠤ ᠨᠢ᠂ ᠠᠮᠢᠳᠤ ᠤᠯᠠᠮᠵᠢᠯᠠᠯ ᠰᠤᠶᠤᠯ ᠳᠣᠲᠣᠷ᠎ᠠ ᠨᠢ ᠪᠦᠲᠦᠭᠡᠯ ᠢᠶᠡᠨ ᠲᠤᠭᠤᠷᠪᠢᠬᠤ ᠪᠣᠯᠤᠮᠵᠢ ᠢᠢ ᠡᠨᠡ ᠲᠥᠰᠥᠯ ᠣᠯᠭᠤᠨ᠎ᠠ ᠭᠡᠳᠡᠭ ᠲᠥ ᠢᠲᠡᠭᠡᠯᠲᠡᠢ ᠪᠠᠢᠢᠨ᠎ᠠ᠃

ᠠᠯᠢ ᠴᠤ ᠤᠯᠤᠰ ᠣᠷᠣᠨ ᠥᠪᠡᠷ ᠦᠨ ᠭᠡᠰᠡᠨ ᠺᠢᠨᠣ᠋ ᠤᠷᠠᠯᠢᠭ᠂ ᠺᠢᠨᠣ᠋ ᠦᠢᠯᠡᠳᠪᠦᠷᠢᠯᠡᠯ ᠲᠡᠢ ᠪᠠᠢᠢᠳᠠᠭ᠃ ᠡᠭᠦᠪᠡᠷ ᠢᠶᠡᠨ ᠳᠠᠮᠵᠢᠭᠤᠯᠵᠤ ᠡᠬᠡ ᠣᠷᠣᠨ᠂ ᠲᠡᠦᠬᠡ ᠪᠡᠨ ᠰᠤᠷᠲᠠᠯᠴᠢᠯᠠᠬᠤ᠂ ᠵᠠᠯᠠᠭᠤ ᠦᠶ᠎ᠡ ᠪᠡᠷ ᠢᠶᠡᠨ ᠡᠬᠡ ᠣᠷᠣᠨᠴᠢ ᠪᠠᠷ ᠬᠦᠮᠦᠵᠢᠭᠦᠯᠬᠦ ᠭᠡᠬᠦ ᠮᠡᠲᠦ ᠦᠵᠡᠯ ᠰᠤᠷᠲᠠᠯ ᠤᠨ ᠠᠵᠢᠯ ᠤᠳ ᠢ ᠬᠢᠳᠡᠭ᠃ ᠮᠣᠩ᠋ᠭᠣᠯ ᠤᠯᠤᠰ ᠴᠤ ᠭᠡᠰᠡᠨ 1937 ᠣᠨ ᠳᠤ ᠠᠩᠬᠠᠨ ᠤ ᠬᠠᠷ᠎ᠠ ᠴᠠᠭᠠᠨ ᠪᠤᠶᠤ ᠤᠷᠠᠨ ᠰᠠᠢᠢᠬᠠᠨ ᠤ 《ᠮᠣᠩ᠋ᠭᠣᠯ ᠬᠦᠦ》 ᠨᠡᠷᠡᠲᠡᠢ ᠺᠢᠨᠣ᠋ ᠬᠢᠵᠦ ᠨᠶᠤ-ᠶᠣᠷᠺ ᠤᠨ ᠺᠢᠨᠣ᠋ ᠲᠢᠶᠠᠲ᠋ᠷ ᠲᠤ ᠮᠥᠨ ᠭᠠᠷᠭᠠᠵᠤ ᠪᠠᠢᠢᠭᠰᠠᠨ᠃

1990 ᠣᠨ ᠠᠴᠠ ᠡᠮᠦᠨ᠎ᠡ ᠮᠣᠩ᠋ᠭᠣᠯ ᠺᠢᠨᠣ᠋ ᠲᠣᠳᠣᠷᠬᠠᠢ ᠪᠠᠢᠢᠷᠢ᠂ ᠰᠠᠭᠤᠷᠢ ᠡᠵᠡᠯᠡᠳᠡᠭ ᠲᠣᠮᠣᠬᠠᠨ ᠪᠦᠲᠦᠴᠡ ᠲᠡᠢ ᠪᠠᠢᠢᠭᠰᠠᠨ᠃ ᠡᠭᠦᠨ ᠡᠴᠡ ᠬᠣᠢᠢᠰᠢ ᠡᠨᠡ ᠰᠠᠯᠪᠤᠷᠢ ᠬᠤᠪᠢ ᠢᠢᠨ ᠤᠷᠠᠨ ᠪᠦᠲᠦᠭᠡᠯᠴᠢᠳ ᠦᠨ ᠬᠥᠳᠡᠯᠮᠦᠷᠢ᠂ ᠤᠷᠠᠨ ᠪᠦᠲᠦᠭᠡᠯ ᠳᠡᠭᠡᠷ᠎ᠡ ᠲᠣᠭᠲᠠᠵᠤ ᠢᠷᠡᠯ᠎ᠡ᠃ ᠣᠳᠣ ᠲᠥᠷᠥ ᠵᠠᠰᠠᠭ ᠳᠡᠮᠵᠢᠬᠦ ᠴᠠᠭ ᠨᠢ ᠪᠣᠯᠤᠭᠰᠠᠨ ᠭᠡᠵᠦ ᠪᠣᠳᠣᠵᠤ ᠪᠠᠢᠢᠨ᠎ᠠ》 ᠭᠡᠯ᠎ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠦᠭᠡ ᠬᠡᠯᠡᠭᠰᠡᠨ ᠦ ᠪᠡᠨ ᠳᠠᠷᠠᠭ᠎ᠠ ᠠᠷᠠᠳ ᠤᠨ ᠵᠦᠵᠦᠭᠡᠴᠢᠨ ᠨ ∙ ᠰᠤᠪᠤᠳ᠂ ᠮᠣᠩ᠋ᠭᠣᠯ ᠺᠢᠨᠣ᠋ ᠦᠢᠯᠡᠳᠪᠦᠷᠢ ᠢᠢᠨ ᠵᠠᠬᠢᠷᠤᠯ ᠵ ∙ ᠰᠣᠯᠣᠩ᠋ᠭ᠎ᠠ᠂ ᠨᠠᠢᠢᠷᠠᠭᠤᠯᠤᠭᠴᠢ ᠭ ∙ ᠵᠢᠭᠵᠢᠳᠰᠦ᠋ᠷᠦᠩ ᠪᠣᠯᠤᠨ ᠮᠣᠩ᠋ᠭᠣᠯ ᠤᠯᠤᠰ ᠲᠤ ᠢᠷᠡᠭᠰᠡᠨ ᠾᠣᠯᠯᠢᠸᠤᠢᠳ᠋ ᠤᠨ ᠵᠦᠵᠦᠭᠡᠴᠢᠨ᠂ ᠨᠠᠢᠢᠷᠠᠭᠤᠯᠤᠭᠴᠢ ᠨᠠᠷ ᠤᠨ ᠬᠠᠮᠲᠤ ᠪᠠᠷ ᠰᠢᠪᠠ ᠲᠠᠯᠪᠢᠬᠤ ᠶᠣᠰᠣᠯᠠᠯ ᠳᠤ ᠣᠷᠣᠯᠴᠠᠯ᠎ᠠ᠃

ᠦᠨᠳᠦᠰᠦᠨ ᠦ ᠺᠢᠨᠣ᠋ ᠦᠢᠯᠡᠳᠪᠦᠷᠢ ᠢᠢᠨ ᠳᠠᠯ᠎ᠠ ᠪᠠᠷ᠄
ᠮᠠᠢᠢᠳᠠᠷᠢ ᠬᠣᠲᠠ ᠳᠤ 50 ᠭᠠ ᠲᠠᠯᠠᠪᠠᠢ ᠢᠢ ᠬᠠᠮᠤᠷᠤᠭᠰᠠᠨ 9 ᠰᠲ᠋ᠦ᠋ᠳᠢ᠂ ᠦᠢᠯᠡᠳᠪᠦᠷᠢᠯᠡᠯ ᠦᠨ ᠼᠧᡁ᠂ ᠵᠠᠳᠠᠭᠠᠢ ᠵᠢᠷᠤᠭ ᠠᠪᠤᠯᠲᠠ ᠢᠢᠨ ᠲᠠᠯᠠᠪᠠᠢ᠂ ᠠᠭᠤᠯᠬᠤ᠂ ᠣᠹᠹᠢᠰ ᠠᠴᠠ ᠪᠦᠷᠢᠳᠦᠭᠰᠡᠨ ᠣᠷᠴᠢᠨ ᠦᠶ᠎ᠡ ᠢᠢᠨ ᠲᠧᠭᠨᠢᠭ᠂ ᠲᠧᠭᠨᠣᠯᠣᠭᠢ ᠪᠦᠬᠦᠢ ᠺᠢᠨᠣ᠋ ᠦᠢᠯᠡᠳᠪᠦᠷᠢᠯᠡᠯ ᠦᠨ ᠴᠣᠭᠴᠠᠯᠠᠪᠤᠷᠢ ᠪᠣᠯᠤᠨ᠎ᠠ᠃

ᠴᠣᠭᠴᠠᠯᠠᠪᠤᠷᠢ ᠨᠢ ᠣᠯᠠᠨ ᠤᠯᠤᠰ ᠤᠨ ᠰᠲ᠋ᠠᠨ᠋ᠳᠠᠷᠲ ᠲᠤ ᠨᠡᠢᠢᠴᠡᠭᠰᠡᠨ᠂ ᠣᠷᠴᠢᠨ ᠦᠶ᠎ᠡ ᠢᠢᠨ ᠲᠣᠨᠣᠭ ᠲᠥᠬᠥᠭᠡᠷᠦᠮᠵᠢ ᠪᠡᠷ ᠲᠣᠨᠣᠭᠯᠠᠭᠳᠠᠭᠰᠠᠨ ᠪᠥᠭᠡᠳ ᠭᠠᠳᠠᠭᠠᠳᠤ ᠳᠣᠲᠣᠭᠠᠳᠤ ᠢᠢᠨ ᠺᠢᠨᠣ᠋ ᠤᠷᠠᠯᠢᠭ ᠤᠨ ᠮᠡᠷᠭᠡᠵᠢᠯᠲᠡᠨ ᠨᠦᠭᠦᠳ ᠦᠨ ᠠᠭᠤᠯᠵᠠᠵᠤ᠂ ᠬᠠᠮᠲᠤᠷᠠᠨ ᠠᠵᠢᠯᠯᠠᠳᠠᠭ ᠭᠣᠣᠯ ᠲᠥᠪ ᠪᠣᠯᠤᠨ᠎ᠠ ᠭᠡᠵᠦ ᠦᠵᠡᠵᠦ ᠪᠠᠢᠢᠨ᠎ᠠ᠃

ᠤᠭ ᠴᠣᠭᠴᠠᠯᠠᠪᠤᠷᠢ ᠳᠤ ᠳᠠᠭᠤ ᠣᠷᠣᠭᠤᠯᠤᠯᠲᠠ ᠲᠠᠢ᠂ ᠳᠠᠭᠤ ᠣᠷᠣᠭᠤᠯᠤᠯᠲᠠ ᠦᠭᠡᠢ ᠺᠢᠨᠣ᠋ ᠵᠢᠷᠤᠭ ᠠᠪᠴᠤ᠂ ᠵᠢᠷᠤᠭ ᠠᠪᠤᠯᠲᠠ ᠢᠢᠨ ᠳᠠᠷᠠᠭᠠᠬᠢ ᠪᠦᠬᠦ ᠲᠥᠷᠥᠯ ᠦᠨ ᠪᠣᠯᠪᠠᠰᠤᠷᠠᠭᠤᠯᠤᠯᠲᠠ ᠢᠢᠨ ᠠᠵᠢᠯ ᠤᠳ ᠢ ᠣᠷᠴᠢᠨ ᠦᠶ᠎ᠡ ᠢᠢᠨ ᠲᠣᠨᠣᠭ ᠲᠥᠬᠥᠭᠡᠷᠦᠮᠵᠢ᠂ ᠲᠧᠭᠨᠣᠯᠣᠭᠢ ᠪᠠᠷ ᠭᠦᠢᠴᠡᠳᠭᠡᠬᠦ ᠪᠣᠯᠤᠮᠵᠢ ᠲᠠᠢ ᠪᠣᠯᠤᠨ᠎ᠠ᠃ ᠮᠥᠨ ᠵᠢᠷᠤᠭ ᠠᠪᠤᠯᠲᠠ ᠢᠢᠨ ᠦᠶ᠎ᠡ ᠳᠥ ᠭᠠᠳᠠᠭᠠᠳᠤ ᠪᠣᠯᠤᠨ ᠳᠣᠲᠣᠭᠠᠳᠤ ᠲᠠᠯᠠᠪᠠᠢ ᠳᠤ ᠠᠰᠢᠭᠯᠠᠭᠳᠠᠬᠤ ᠪᠦᠬᠦ ᠲᠥᠷᠥᠯ ᠦᠨ ᠡᠳ᠋ ᠬᠡᠷᠡᠭᠰᠡᠯ ᠦᠳ ᠢ ᠦᠢᠯᠡᠳᠪᠦᠷᠢᠯᠡᠬᠦ ᠼᠧᠾ᠂ ᠺᠢᠨᠣ᠋ ᠵᠢᠷᠤᠭ ᠲᠤ ᠬᠡᠷᠡᠭᠯᠡᠬᠦ ᠪᠦᠬᠦ ᠲᠥᠷᠥᠯ ᠦᠨ ᠡᠳ᠋ ᠵᠦᠢᠯᠡᠰ ᠢ ᠰᠲ᠋ᠠᠨ᠋ᠳᠠᠷᠲ ᠤᠨ ᠱᠠᠭᠠᠷᠳᠠᠯᠭ᠎ᠠ ᠳᠤ ᠨᠡᠢᠢᠴᠡᠭᠰᠡᠨ ᠤᠷᠴᠢᠨ ᠳᠤ ᠬᠠᠳᠠᠭᠠᠯᠠᠬᠤ ᠠᠭᠤᠯᠬᠤ ᠲᠠᠢ ᠪᠠᠢᠢᠬᠤ ᠶᠤᠮ᠃

ᠲᠥᠰᠥᠯ ᠢ ᠰᠠᠨᠠᠭᠠᠴᠢᠯᠠᠭᠴᠢᠳ ᠡᠨᠡᠬᠦ ᠺᠢᠨᠣ᠋ ᠰᠲ᠋ᠦ᠋ᠳᠢ ᠨᠢ ᠳᠥᠷᠪᠡᠨ ᠤᠯᠠᠷᠢᠯ ᠤᠨ ᠪᠠᠢᠢᠭᠠᠯᠢ ᠢᠢᠨ ᠣᠨᠴᠠᠯᠢᠭ ᠲᠥᠷᠬᠥ ᠢᠢ ᠬᠠᠷᠠᠭᠤᠯᠤᠭᠰᠠᠨ ᠵᠢᠷᠤᠭ ᠠᠪᠬᠤ᠂ ᠬᠣᠲᠠ ᠢᠢᠨ ᠪᠣᠯᠤᠨ ᠪᠠᠢᠢᠭᠠᠯᠢ ᠢᠢᠨ᠂ ᠤᠯᠠᠮᠵᠢᠯᠠᠯᠲᠤ ᠰᠤᠶᠤᠯ ᠠᠬᠤᠢ ᠢᠢ ᠬᠠᠷᠠᠭᠤᠯᠤᠭᠰᠠᠨ ᠭᠡᠬᠦ ᠮᠡᠲᠦ ᠪᠦᠬᠦ ᠲᠥᠷᠥᠯ ᠦᠨ ᠵᠢᠷᠤᠭ ᠠᠪᠤᠯᠲᠠ ᠬᠢᠬᠦ ᠪᠣᠯᠤᠮᠵᠢ ᠲᠠᠢ ᠬᠡᠮᠡᠨ ᠦᠵᠡᠵᠦ ᠪᠠᠢᠢᠨ᠎ᠠ᠃