Та "Internet explorer"-ийн сүүлийн хувилбар болох "Microsoft edge"-г ашиглана уу

Хэрэв "Microsoft edge"-г татах бол энд дарж татаж авна уу

《ᠠᠽᠢᠶ᠎ᠠ ᠢᠢᠨ ᠬᠡᠦᠬᠡᠳ ᠦᠳ 2020》᠂ ᠵᠡᠭᠦᠨ ᠠᠽᠢᠶ᠎ᠠ ᠢᠢᠨ ᠵᠠᠯᠠᠭᠤᠴᠤᠳ ᠤᠨ 2023 ᠣᠨ ᠤ ᠨᠠᠭᠠᠳᠤᠮ ᠤᠨ ᠲᠣᠰᠬᠣᠨ ᠤ ᠪᠦᠲᠦᠭᠡᠨ ᠪᠠᠢᠢᠭᠤᠯᠤᠯᠲᠠ ᠢᠢᠨ ᠠᠵᠢᠯ ᠬᠤᠪᠢᠶᠠᠷᠢ ᠢᠢᠨ ᠳᠠᠭᠠᠭᠤ ᠦᠷᠭᠦᠯᠵᠢᠯᠡᠵᠦ ᠪᠠᠢᠢᠨ᠎ᠠ

ᠮᠣᠩ᠋ᠭᠣᠯ ᠤᠯᠤᠰ 2020 ᠣᠨ ᠳᠤ 《ᠠᠽᠢᠶ᠎ᠠ ᠢᠢᠨ ᠬᠡᠦᠬᠡᠳ ᠦᠳ》 ᠣᠯᠠᠨ ᠤᠯᠤᠰ ᠤᠨ ᠰᠫᠣᠷᠲ ᠤᠨ VII ᠶᠡᠬᠡ ᠨᠠᠭᠠᠳᠤᠮ ᠢ᠂ 2023 ᠣᠨ ᠳᠤ ᠵᠡᠭᠦᠨ ᠠᠽᠢᠶ᠎ᠠ ᠢᠢᠨ ᠵᠠᠯᠠᠭᠤᠴᠤᠳ ᠤᠨ II ᠨᠠᠭᠠᠳᠤᠮ ᠢ ᠲᠤᠰ ᠲᠤᠰ ᠵᠣᠬᠢᠶᠠᠨ ᠪᠠᠢᠢᠭᠤᠯᠬᠤ ᠭᠡᠵᠦ ᠪᠠᠢᠢᠭ᠎ᠠ ᠲᠠᠢ ᠬᠣᠯᠪᠣᠭᠳᠠᠭᠤᠯᠤᠨ ᠪᠡᠯᠡᠳᠬᠡᠯ ᠠᠵᠢᠯ ᠢᠶᠠᠨ ᠬᠠᠩ᠋ᠭᠠᠵᠤ ᠪᠠᠢᠢᠨ᠎ᠠ᠃ ᠡᠨᠡ ᠬᠦᠷᠢᠶᠡᠨ ᠳᠥ ᠥᠷᠨᠢᠵᠦ ᠪᠤᠢ ᠬᠠᠮᠤᠭ ᠤᠨ ᠲᠣᠮᠣ ᠪᠦᠲᠦᠭᠡᠨ ᠪᠠᠢᠢᠭᠤᠯᠤᠯᠲᠠ ᠨᠢ ᠬᠠᠨ-ᠠᠭᠤᠯᠠ ᠳᠡᠭᠦᠷᠭᠡ ᠢᠢᠨ 8 ᠍ ᠳᠤᠭᠠᠷ ᠬᠣᠷᠢᠶ᠎ᠠ᠂ 《ᠪᠤᠶᠠᠨᠲᠤ-ᠬᠤᠸᠠ》 ᠰᠫᠣᠷᠲ ᠴᠣᠭᠴᠠᠯᠠᠪᠤᠷᠢ ᠢᠢᠨ ᠡᠰᠡᠷᠬᠦ ᠲᠠᠯ᠎ᠠ ᠳᠤ ᠪᠠᠢᠢᠷᠢᠯᠠᠬᠤ ᠨᠠᠭᠠᠳᠤᠮ ᠤᠨ ᠲᠣᠰᠬᠣᠨ ᠤ ᠪᠦᠲᠦᠭᠡᠨ ᠪᠠᠢᠢᠭᠤᠯᠤᠯᠲᠠ ᠶᠤᠮ᠃

ᠥᠩᠭᠡᠷᠡᠭᠰᠡᠨ ᠰᠠᠷ᠎ᠠ ᠳᠤ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠪᠢᠲᠡᠭᠦᠦ ᠳᠡᠭᠡᠪᠦᠷ ᠲᠡᠢ ᠣᠷᠳᠣᠨ ᠤ /ᠮᠥᠰᠦᠨ ᠥᠷᠭᠥᠭᠡ/ ᠰᠢᠪᠠ ᠲᠠᠯᠪᠢᠵᠤ᠂ ᠤᠰᠤᠨ ᠪᠠᠰᠰᠧᠢᠨ᠂ ᠬᠥᠯ ᠪᠥᠮᠪᠥᠭᠡ ᠢᠢᠨ ᠲᠠᠯᠠᠪᠠᠢ ᠵᠡᠷᠭᠡ ᠪᠦᠲᠦᠭᠡᠨ ᠪᠠᠢᠢᠭᠤᠯᠤᠯᠲᠠ ᠢᠢᠨ ᠠᠵᠢᠯ ᠡᠬᠢᠯᠡᠬᠦ ᠭᠡᠵᠦ ᠪᠠᠢᠢᠭ᠎ᠠ ᠢᠢ ᠰᠣᠨᠣᠷᠳᠠᠭᠤᠯᠤᠭᠰᠠᠨ᠃ ᠬᠠᠷᠢᠨ ᠥᠴᠥᠭᠡᠳᠦᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢ ᠭᠠᠵᠠᠷ ᠳᠡᠭᠡᠷ᠎ᠡ ᠨᠢ ᠣᠴᠢᠵᠤ ᠲᠠᠨᠢᠯᠴᠠᠬᠤ ᠳᠤ ᠨᠠᠭᠠᠳᠤᠮ ᠤᠨ ᠲᠣᠰᠬᠣᠨ ᠤ ᠪᠦᠲᠦᠭᠡᠨ ᠪᠠᠢᠢᠭᠤᠯᠤᠯᠲᠠ ᠢᠢᠨ ᠠᠵᠢᠯ ᠬᠤᠪᠢᠶᠠᠷᠢ ᠢᠢᠨ ᠳᠠᠭᠠᠭᠤ ᠦᠷᠭᠦᠯᠵᠢᠯᠡᠵᠦ ᠪᠠᠢᠢᠨ᠎ᠠ ᠭᠡᠵᠦ ᠪᠠᠷᠢᠯᠭ᠎ᠠ ᠤᠭᠰᠠᠷᠠᠯᠲᠠ ᠬᠠᠷᠢᠭᠤᠴᠠᠭᠰᠠᠨ ᠺᠣᠮᠫᠠᠨᠢ ᠢᠢᠨ ᠤᠳᠤᠷᠢᠳᠤᠯᠭ᠎ᠠ ᠨᠤᠭᠤᠳ ᠲᠠᠨᠢᠯᠴᠠᠭᠤᠯᠤᠯ᠎ᠠ᠃

ᠲᠤᠬᠠᠢᠢᠯᠠᠪᠠᠯ᠂ ᠨᠠᠭᠠᠳᠤᠮ ᠤᠨ ᠲᠣᠰᠬᠣᠨ ᠳᠤ ᠪᠠᠢᠢᠬᠤ ᠣᠯᠠᠨ ᠤᠯᠤᠰ ᠤᠨ ᠬᠥᠯ ᠪᠥᠮᠪᠥᠭᠡ ᠢᠢᠨ ᠬᠣᠯᠪᠣᠭᠠᠨ ᠤ 115 ᠮ * 85 ᠮ ᠬᠡᠮᠵᠢᠶ᠎ᠡ ᠲᠡᠢ ᠨᠣᠭᠣᠭᠠᠨ ᠵᠦᠯᠭᠡᠨ ᠲᠠᠯᠠᠪᠠᠢ ᠪᠠᠷᠢᠭᠳᠠᠬᠤ ᠪᠦᠬᠦ ᠲᠥᠷᠥᠯ ᠦᠨ ᠪᠡᠯᠡᠳᠬᠡᠯ ᠠᠵᠢᠯ ᠪᠦᠷᠢᠨ ᠬᠠᠩ᠋ᠭᠠᠭᠳᠠᠵᠠᠢ᠃ ᠥᠩᠭᠡᠷᠡᠭᠰᠡᠨ ᠰᠠᠷ᠎ᠠ ᠠᠴᠠ ᠭᠠᠵᠠᠷ ᠰᠢᠷᠤᠢ ᠢᠢᠨ ᠠᠵᠢᠯ ᠢ ᠡᠬᠢᠯᠡᠭᠦᠯᠵᠦ᠂ ᠳᠥᠷᠪᠡᠨ ᠦᠶ᠎ᠡ ᠳᠠᠢᠢᠷᠭ᠎ᠠ᠂ ᠬᠠᠢᠢᠷᠭᠤ᠂ ᠡᠯᠡᠰᠦ ᠪᠡᠷ 28.5 ᠰᠠᠨ᠋ᠲ᠋ᠢᠮᠧᠲ᠋ᠷ ᠳᠦᠭᠦᠷᠭᠡᠯᠲᠡ ᠬᠢᠵᠦ ᠲᠡᠭᠰᠢᠯᠡᠬᠦ᠂ ᠤᠰᠤ ᠵᠠᠢᠢᠯᠠᠭᠤᠯᠬᠤ ᠱᠤᠭᠤᠮ ᠲᠠᠲᠠᠬᠤ᠂ ᠲᠠᠯᠠᠪᠠᠢ ᠢᠢ ᠲᠣᠭᠣᠷᠢᠭᠤᠯᠤᠨ ᠶᠠᠪᠠᠭᠠᠨ ᠬᠦᠮᠦᠨ ᠦ ᠵᠠᠮ ᠬᠢᠬᠦ ᠠᠵᠢᠯ ᠤᠳ ᠦᠷᠭᠦᠯᠵᠢᠯᠡᠵᠦ ᠪᠠᠢᠢᠨ᠎ᠠ᠃ ᠠᠵᠢᠯ ᠡᠨᠡ ᠡᠷᠴᠢ ᠪᠡᠷ ᠢᠶᠡᠨ ᠦᠷᠭᠦᠯᠵᠢᠯᠡᠵᠦ ᠢᠷᠡᠬᠦ ᠳᠣᠯᠣᠳᠤᠭᠠᠷ ᠰᠠᠷ᠎ᠠ ᠭᠡᠬᠦ ᠳᠥ ᠭᠠᠳᠠᠭᠠᠳᠤ ᠢᠢᠨ ᠺᠣᠮᠫᠠᠨᠢ ᠨᠤᠭᠤᠳ ᠢᠷᠡᠵᠦ ᠨᠣᠭᠣᠭᠠᠨ ᠵᠦᠯᠭᠡ ᠲᠠᠯᠪᠢᠬᠤ ᠠᠵᠢᠯ ᠢ ᠬᠢᠵᠦ ᠳᠠᠭᠤᠰᠬᠠᠬᠤ ᠪᠠᠷ ᠲᠥᠯᠥᠪᠯᠡᠵᠡᠢ᠃

ᠮᠥᠨ ᠪᠢᠲᠡᠭᠦᠦ ᠳᠡᠭᠡᠪᠦᠷ ᠲᠡᠢ ᠣᠷᠳᠣᠨ ᠤ ᠭᠠᠵᠠᠷ ᠰᠢᠷᠤᠢᠢᠨ ᠤ ᠠᠵᠢᠯ ᠳᠠᠭᠤᠰᠴᠤ᠂ ᠰᠠᠭᠤᠷᠢ ᠴᠢᠳᠬᠤᠬᠤ ᠪᠤᠶᠤ ᠪᠠᠷᠢᠯᠭ᠎ᠠ ᠤᠭᠰᠠᠷᠠᠯᠲᠠ ᠢᠢᠨ ᠠᠵᠢᠯ ᠦᠷᠭᠦᠯᠵᠢᠯᠡᠵᠦ ᠪᠠᠢᠢᠨ᠎ᠠ᠃ ᠡᠨᠡ ᠠᠵᠢᠯ ᠢ ᠭᠦᠢᠴᠡᠳᠭᠡᠵᠦ ᠪᠤᠢ 《ᠤᠯᠠᠭᠠᠨᠪᠠᠭᠠᠲᠤᠷ ᠪᠠᠷᠢᠯᠭ᠎ᠠ》 ᠺᠣᠮᠫᠠᠨᠢ ᠢᠢᠨ ᠠᠵᠢᠯᠴᠢᠳ ᠥᠪᠡᠷᠰᠡᠳ ᠦᠨ ᠬᠠᠷᠢᠭᠤᠴᠠᠵᠤ ᠪᠤᠢ ᠠᠵᠢᠯ ᠢ ᠴᠠᠭ ᠬᠤᠭᠤᠴᠠᠭᠠᠨ ᠳᠤ ᠨᠢ ᠬᠦᠯᠢᠶᠡᠯᠭᠡᠵᠦ ᠥᠭ᠍ᠬᠦ ᠪᠡᠷ ᠠᠵᠢᠯᠯᠠᠵᠤ ᠪᠠᠢᠢᠭ᠎ᠠ ᠪᠥᠭᠡᠳ ᠪᠠᠷᠢᠯᠭ᠎ᠠ 16 ᠰᠠᠷ᠎ᠠ ᠢᠢᠨ ᠳᠣᠲᠣᠷ᠎ᠠ ᠠᠰᠢᠭᠯᠠᠯᠲᠠ ᠳᠤ ᠤᠷᠤᠬᠤ ᠲᠣᠪ ᠲᠠᠢ ᠶᠤᠮ᠃

ᠮᠥᠨ ᠡᠨᠡ ᠴᠣᠭᠴᠠᠯᠠᠪᠤᠷᠢ ᠳᠤ 50 ᠮ ᠪᠠᠰᠰᠧᠢᠨ ᠪᠦᠬᠦᠢ ᠣᠯᠠᠨ ᠤᠯᠤᠰ ᠤᠨ ᠰᠲ᠋ᠠᠨ᠋ᠳᠠᠷᠲ ᠤᠨ ᠤᠰᠤᠨ ᠰᠫᠣᠷᠲ ᠤᠨ ᠴᠣᠭᠴᠠᠯᠠᠪᠤᠷᠢ ᠪᠠᠷᠢᠭᠳᠠᠬᠤ ᠪᠥᠭᠡᠳ ᠰᠠᠭᠤᠷᠢ ᠢᠢᠨ ᠠᠵᠢᠯ ᠳᠠᠭᠤᠰᠬᠤ ᠱᠠᠲᠤᠨ ᠳᠤ ᠪᠠᠨ ᠣᠷᠣᠵᠠᠢ᠃