ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ᠂ ᠮᠣᠩ᠋ᠭᠣᠯ ᠤᠨ ᠤᠷᠠᠴᠤᠳ ᠤᠨ ᠡᠪᠯᠡᠯ ᠦᠨ ᠬᠣᠷᠢᠶ᠎ᠠ᠂ 《ᠢᠷᠡᠭᠡᠳᠦᠢ ᠢᠢᠨ ᠮᠣᠩ᠋ᠭᠣᠯ》 ᠲᠥᠷᠥ ᠢᠢᠨ ᠪᠤᠰᠤ ᠪᠠᠢᠢᠭᠤᠯᠤᠯᠭ᠎ᠠ ᠬᠠᠮᠲᠤᠷᠠᠨ 《ᠮᠣᠩ᠋ᠭᠣᠯ ᠤᠨ ᠢᠷᠡᠭᠡᠳᠦᠢ – ᠮᠢᠨᠦ ᠢᠷᠡᠭᠡᠳᠦᠢ》 ᠰᠡᠳᠦᠪᠲᠦ ᠭᠠᠷ ᠵᠢᠷᠤᠭ ᠤᠨ ᠤᠷᠤᠯᠳᠤᠭᠠᠨ ᠵᠣᠬᠢᠶᠠᠨ ᠪᠠᠢᠢᠭᠤᠯᠤᠯ᠎ᠠ᠃
6-9 ᠨᠠᠰᠤ᠂ 10-14 ᠨᠠᠰᠤ᠂ 15-18 ᠨᠠᠰᠤᠨ ᠤ ᠠᠩᠭᠢᠯᠠᠯ ᠳᠤ ᠵᠣᠬᠢᠶᠠᠨ ᠪᠠᠢᠢᠭᠤᠯᠤᠭᠰᠠᠨ ᠤᠷᠤᠯᠳᠤᠭᠠᠨ ᠳᠤ ᠨᠡᠢᠢᠲᠡ 1581 ᠪᠦᠲᠦᠭᠡᠯ ᠢᠷᠡᠭᠰᠡᠨ ᠡᠴᠡ ᠨᠡᠢᠢᠰᠯᠡᠯ ᠦᠨ ᠳᠦᠭᠦᠷᠭᠡ ᠨᠦᠭᠦᠳ ᠡᠴᠡ 887᠂ ᠣᠷᠣᠨ ᠨᠤᠲᠤᠭ ᠠᠴᠠ 694 ᠬᠡᠦᠬᠡᠳ ᠥᠪᠡᠷ ᠦᠨ ᠬᠦᠰᠡᠯ ᠮᠥᠷᠥᠭᠡᠳᠦᠯ᠂ ᠡᠬᠡ ᠣᠷᠣᠨ᠂ ᠪᠠᠢᠢᠭᠠᠯᠢ ᠡᠺᠣᠯᠣᠭᠢ ᠭᠡᠳ ᠣᠯᠠᠨ ᠰᠡᠳᠦᠪ ᠢ ᠬᠥᠨᠳᠡᠭᠰᠡᠨ ᠵᠢᠷᠤᠭ ᠢᠢᠠᠨ ᠢᠷᠡᠭᠦᠯᠦᠭᠰᠡᠨ ᠶᠤᠮ᠃
ᠰᠤᠷᠤᠭᠴᠢᠳ ᠤᠨ ᠵᠢᠷᠤᠭ ᠤᠨ ᠪᠦᠲᠦᠭᠡᠯ ᠢᠶᠡᠷ ᠥᠨᠥᠳᠥᠷ ᠡᠴᠡ ᠡᠬᠢᠯᠡᠨ ᠢᠷᠡᠬᠦ ᠰᠠᠷ᠎ᠠ ᠢᠢᠨ 6 ᠍ ᠤ ᠡᠳᠦᠷ ᠢ ᠬᠦᠷᠲᠡᠯ᠎ᠡ ᠮᠣᠩ᠋ᠭᠣᠯ ᠤᠨ ᠦᠨᠳᠦᠰᠦᠨ ᠦ ᠮᠦᠽᠧᠢ ᠳᠤ ᠦᠵᠡᠰᠬᠦᠯᠡᠩ ᠭᠠᠷᠭᠠᠵᠤ ᠪᠠᠢᠢᠨ᠎ᠠ᠃
ᠦᠵᠡᠰᠬᠦᠯᠡᠩ ᠦᠨ ᠨᠡᠭᠡᠭᠡᠯᠲᠡ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠣᠷᠣᠯᠴᠠᠵᠤ᠂ ᠬᠡᠦᠬᠡᠳ ᠪᠠᠭᠠᠴᠤᠳ ᠲᠤ ᠬᠡᠦᠬᠡᠳ ᠦᠨ ᠪᠠᠶᠠᠷ ᠤᠨ ᠮᠡᠨᠳᠦ ᠳᠡᠪᠰᠢᠭᠦᠯᠦᠯ᠎ᠡ᠃
ᠣᠷᠣᠯᠴᠠᠭᠴᠢᠳ ᠤᠨ ᠢᠷᠡᠭᠦᠯᠦᠭᠰᠡᠨ ᠪᠦᠲᠦᠭᠡᠯ ᠦᠨ ᠰᠡᠳᠦᠪ᠂ ᠠᠭᠤᠯᠭ᠎ᠠ ᠳᠤ ᠳ᠋ᠦᠩᠨᠡᠯᠲᠡ ᠬᠢᠬᠦ ᠳᠥ 40 ᠬᠤᠪᠢ ᠨᠢ ᠬᠡᠦᠬᠡᠳ ᠥᠪᠡᠷ ᠦᠨ ᠢᠷᠡᠭᠡᠳᠦᠢ ᠢᠢᠨ ᠬᠦᠰᠡᠯ ᠮᠥᠷᠥᠭᠡᠳᠦᠯ ᠢᠶᠡᠨ ᠵᠢᠷᠤᠭᠰᠠᠨ ᠪᠣᠯ 22 ᠬᠤᠪᠢ ᠨᠢ ᠮᠣᠩ᠋ᠭᠣᠯ ᠤᠯᠤᠰ᠂ ᠣᠷᠣᠨ ᠨᠤᠲᠤᠭ ᠤᠨ ᠢᠶᠠᠨ ᠬᠥᠭ᠍ᠵᠢᠯ ᠳᠡᠪᠰᠢᠯ ᠢ ᠥᠭᠡᠳᠡᠷᠡᠭ ᠢᠶᠡᠷ ᠬᠠᠷᠠᠵᠤ ᠪᠠᠢᠢᠭ᠎ᠠ ᠪᠠᠷ ᠳᠦᠷᠰᠦᠯᠡᠭᠰᠡᠨ ᠪᠠᠢᠢᠨ᠎ᠠ᠃
ᠨᠡᠢᠢᠲᠡ ᠪᠦᠲᠦᠭᠡᠯ ᠦᠨ 13 ᠬᠤᠪᠢ ᠨᠢ ᠪᠠᠢᠢᠭᠠᠯᠢ ᠡᠺᠣᠯᠣᠭᠢ ᠢᠢᠨ ᠠᠭᠤᠯᠭ᠎ᠠ ᠲᠠᠢ ᠪᠠᠢᠢᠭᠰᠠᠨ ᠪᠥᠭᠡᠳ ᠥᠨᠥᠳᠥᠷ ᠦᠨ ᠨᠡᠢᠢᠭᠡᠮ ᠳᠥ ᠰᠢᠭᠦᠮᠵᠢᠯᠡᠯ ᠳᠠᠭᠠᠭᠤᠯᠵᠤ ᠪᠤᠢ ᠠᠭᠠᠷ ᠤᠨ ᠪᠣᠬᠢᠷᠳᠠᠯ᠂ ᠬᠥᠷᠦᠰᠦᠨ ᠦ ᠪᠣᠬᠢᠷᠳᠠᠯ᠂ ᠬᠦᠮᠦᠰ ᠦᠨ ᠪᠠᠢᠢᠭᠠᠯᠢ ᠳᠡᠯᠡᠬᠡᠢ ᠲᠡᠢ ᠪᠡᠨ ᠵᠦᠢ ᠪᠤᠰᠤ ᠪᠠᠷ ᠬᠠᠷᠢᠯᠴᠠᠵᠤ ᠪᠠᠢᠢᠭ᠎ᠠ ᠢᠢ ᠳᠦᠷᠰᠦᠯᠡᠭᠰᠡᠨ ᠪᠦᠲᠦᠭᠡᠯ ᠦᠳ ᠪᠠᠢᠢᠯ᠎ᠠ᠃ ᠮᠥᠨ ᠬᠡᠦᠬᠡᠳ ᠦᠳ ᠲᠥ ᠴᠢᠯᠦᠭᠡᠲᠦ ᠴᠠᠭ ᠢᠶᠠᠨ ᠵᠥᠪ ᠪᠣᠯᠪᠠᠰᠤᠨ ᠥᠩᠭᠡᠷᠡᠭᠦᠯᠬᠦ᠂ ᠲᠠᠨᠢᠨ ᠮᠡᠳᠡᠬᠦᠢ ᠢᠢᠨ ᠠᠴᠢ ᠬᠣᠯᠪᠣᠭᠳᠠᠯ ᠪᠦᠬᠦᠢ ᠪᠠᠢᠢᠭᠤᠯᠤᠮᠵᠢ ᠱᠠᠭᠠᠷᠳᠠᠯᠭ᠎ᠠ ᠲᠠᠢ ᠪᠠᠢᠢᠭ᠎ᠠ ᠨᠢ ᠲᠡᠳᠡᠨ ᠦ ᠵᠢᠷᠤᠵᠤ ᠢᠷᠡᠭᠦᠯᠦᠭᠰᠡᠨ ᠽᠣᠣᠫᠠᠷᠺ᠂ ᠴᠡᠴᠡᠷᠯᠢᠭᠲᠦ ᠬᠦᠷᠢᠶᠡᠯᠡᠩ᠂ ᠴᠡᠩᠭᠡᠯᠳᠦᠬᠦ ᠬᠦᠷᠢᠶᠡᠯᠡᠩ ᠵᠡᠷᠭᠡ ᠢᠢ ᠲᠤᠰᠬᠠᠭᠰᠠᠨ ᠪᠦᠲᠦᠭᠡᠯ ᠦᠳ ᠡᠴᠡ ᠠᠵᠢᠭᠯᠠᠭᠳᠠᠵᠤ ᠪᠠᠢᠢᠨ᠎ᠠ᠃