ᠪᠦᠭᠦᠳᠡ ᠨᠠᠢᠢᠷᠠᠮᠳᠠᠬᠤ ᠺᠢᠷᠭᠢᠽ ᠤᠯᠤᠰ ᠤᠨ ᠶᠡᠷᠦᠩᠬᠡᠢᠢᠯᠡᠭᠴᠢ ᠰ ∙ ᠱ ∙ ᠵᠧᠧᠨ᠋ᠪᠧᠺᠣᠸ ᠤᠨ ᠤᠷᠢᠯᠭ᠎ᠠ ᠪᠠᠷ ᠲᠤᠰ ᠤᠯᠤᠰ ᠲᠤ ᠠᠯᠪᠠᠨ ᠶᠣᠰᠣᠨ ᠤ ᠠᠢᠢᠯᠴᠢᠯᠠᠯ ᠬᠢᠬᠦ ᠪᠡᠷ ᠡᠬᠡ ᠣᠷᠣᠨ ᠠᠴᠠ ᠪᠠᠨ ᠮᠣᠷᠳᠠᠭᠰᠠᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠪᠥᠱᠺᠧᠺ ᠬᠣᠲᠠ ᠢᠢᠨ 《ᠮᠠᠨᠠᠰ》 ᠣᠯᠠᠨ ᠤᠯᠤᠰ ᠤᠨ ᠨᠢᠰᠬᠦ ᠣᠩ᠋ᠭᠣᠴᠠᠨ ᠤ ᠪᠠᠭᠤᠳᠠᠯ ᠳᠤ ᠭᠠᠵᠠᠷᠳᠠᠯ᠎ᠠ᠃
ᠲᠥᠷᠥ ᠢᠢᠨ ᠲᠡᠷᠢᠭᠦᠨ ᠢ ᠮᠣᠩ᠋ᠭᠣᠯ ᠤᠯᠤᠰ ᠠᠴᠠ ᠪᠦᠭᠦᠳᠡ ᠨᠠᠢᠢᠷᠠᠮᠳᠠᠬᠤ ᠺᠢᠷᠭᠢᠽ ᠤᠯᠤᠰ ᠲᠤ ᠰᠠᠭᠤᠭ᠎ᠠ ᠶᠡᠷᠦᠩᠬᠡᠢ ᠺᠣᠨ᠋ᠰᠤᠢᠯ ᠲ ∙ ᠭᠠᠩᠪᠣᠯᠣᠳ᠂ ᠪᠦᠭᠦᠳᠡ ᠨᠠᠢᠢᠷᠠᠮᠳᠠᠬᠤ ᠺᠢᠷᠭᠢᠽ ᠤᠯᠤᠰ ᠤᠨ ᠶᠡᠷᠦᠩᠬᠡᠢ ᠰᠠᠢᠢᠳ ᠮ ∙ ᠳ ∙ ᠠᠪᠢᠯᠭᠠᠽᠢᠶᠧᠸ ᠪᠣᠯᠤᠨ ᠲᠤᠰ ᠤᠯᠤᠰ ᠤᠨ ᠭᠠᠳᠠᠭᠠᠳᠤ ᠬᠡᠷᠡᠭ ᠦᠨ ᠳᠡᠳ᠋ ᠰᠠᠢᠢᠳ ᠨ ∙ ᠠ᠊ ∙ ᠠᠪᠳ᠋ᠷᠠᠾᠮᠠᠨᠨᠣᠸ ᠨᠠᠷ ᠤᠭᠲᠤᠪᠠ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠺᠢᠷᠭᠢᠽ ᠤᠯᠤᠰ ᠤᠨ ᠶᠡᠷᠦᠩᠬᠡᠢᠢᠯᠡᠭᠴᠢ ᠰ ∙ ᠱ ∙ ᠵᠧᠧᠨ᠋ᠪᠧᠺᠣᠸ ᠲᠠᠢ ᠠᠯᠪᠠᠨ ᠶᠣᠰᠣᠨ ᠤ ᠬᠡᠯᠡᠯᠴᠡᠭᠡ ᠬᠢᠨ᠎ᠡ᠃