ᠪᠦᠭᠦᠳᠡ ᠨᠠᠢᠢᠷᠠᠮᠳᠠᠬᠤ ᠺᠢᠷᠭᠢᠽ ᠤᠯᠤᠰ ᠤᠨ ᠪᠢᠱᠺᠧᠺ ᠬᠣᠲᠠᠨ᠎ᠠ ᠱᠠᠩᠬᠠᠢ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ ᠤᠨ ᠬᠤᠷᠠᠯ ᠬᠣᠶᠠᠷ ᠳ᠋ᠠᠬᠢ ᠡᠳᠦᠷ ᠢᠶᠡᠨ ᠦᠷᠭᠦᠯᠵᠢᠯᠡᠵᠦ ᠪᠠᠢᠢᠨ᠎ᠠ᠃
ᠪᠢᠱᠺᠧᠺ ᠬᠣᠲᠠ ᠢᠢᠨ 《ᠠᠯ ᠠᠷᠴᠠ》 ᠴᠣᠭᠴᠠᠯᠠᠪᠤᠷᠢ ᠢᠢᠨ ᠺᠣᠩᠷᠧᠰ ᠲᠥᠪ ᠦᠨ ᠶᠡᠬᠡ ᠲᠠᠩᠬᠢᠮ ᠳᠤ ᠱᠠᠩᠬᠠᠢ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ ᠢᠢᠨ ᠭᠡᠰᠢᠭᠦᠨ᠂ ᠣᠷᠣᠯᠴᠠᠭᠴᠢ ᠣᠷᠣᠨ ᠨᠤᠭᠤᠳ ᠪᠣᠯᠤᠨ ᠣᠯᠠᠨ ᠤᠯᠤᠰ ᠤᠨ ᠪᠠᠢᠢᠭᠤᠯᠤᠯᠭ᠎ᠠ ᠨᠤᠭᠤᠳ ᠤᠨ ᠲᠥᠯᠥᠭᠡᠯᠡᠭᠴᠢᠳ ᠦᠨ ᠲᠡᠷᠢᠭᠦᠨ ᠨᠠᠷ ᠤᠨ ᠥᠷᠭᠡᠳᠬᠡᠭ᠍ᠰᠡᠨ ᠬᠤᠷᠠᠯᠳᠤᠭᠠᠨ ᠪᠣᠯᠵᠤ ᠪᠠᠢᠢᠨ᠎ᠠ᠃
ᠬᠤᠷᠠᠯᠳᠤᠭᠠᠨ ᠳᠤ ᠣᠷᠣᠯᠴᠠᠬᠤ ᠪᠠᠷ ᠢᠷᠡᠭᠰᠡᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢ ᠪᠦᠭᠦᠳᠡ ᠨᠠᠢᠢᠷᠠᠮᠳᠠᠬᠤ ᠺᠢᠷᠭᠢᠽ ᠤᠯᠤᠰ ᠤᠨ ᠶᠡᠷᠦᠩᠬᠡᠢᠢᠯᠡᠭᠴᠢ ᠰ ∙ ᠱ ∙ ᠵᠧᠧᠨ᠋ᠪᠧᠺᠣᠸ ᠤᠭᠲᠤᠨ᠂ ᠳᠤᠷᠠᠰᠬᠠᠯ ᠤᠨ ᠵᠢᠷᠤᠭ ᠲᠠᠲᠠᠭᠤᠯᠤᠯᠠ᠃
ᠲᠤᠩ ᠤᠳᠠᠬᠤ ᠦᠭᠡᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠷᠭᠡᠳᠬᠡᠭ᠍ᠰᠡᠨ ᠬᠤᠷᠠᠯᠳᠤᠭᠠᠨ ᠳᠤ ᠦᠭᠡ ᠬᠡᠯᠡᠨ᠎ᠡ᠃