Та "Internet explorer"-ийн сүүлийн хувилбар болох "Microsoft edge"-г ашиглана уу

Хэрэв "Microsoft edge"-г татах бол энд дарж татаж авна уу

ᠱᠠᠩᠬᠠᠢ ᠶᠢᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠤᠨ ᠲᠥᠯᠥᠭᠡᠯᠡᠭᠴᠢᠳ ᠦᠨ ᠲᠡᠷᠢᠭᠦᠨ ᠨᠠᠷ ᠤᠨ ᠥᠷᠭᠡᠳᠬᠡᠭᠰᠡᠨ ᠬᠤᠷᠠᠯᠳᠤᠭᠠᠨ ᠥᠨᠳᠥᠷᠯᠡᠯ᠎ᠡ

ᠪᠦᠭᠦᠳᠡ ᠨᠠᠶᠢᠷᠠᠮᠳᠠᠬᠤ ᠺᠢᠷᠭᠢᠽ ᠤᠯᠤᠰ ᠤᠨ ᠪᠢᠱᠺᠧᠺ ᠬᠣᠲᠠ ᠳᠤ ᠥᠨᠥᠳᠥᠷ ᠱᠠᠩᠬᠠᠢ ᠶᠢᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ  ᠶᠢᠨ ᠭᠡᠰᠢᠭᠦᠨ ᠣᠷᠣᠨ ᠨᠤᠭᠤᠳ ᠤᠨ ᠲᠥᠷᠥ ᠶᠢᠨ ᠲᠡᠷᠢᠭᠦᠨ ᠨᠠᠷ ᠤᠨ ᠵᠥᠪᠯᠡᠯ ᠦᠨ 19 ᠳ᠋ᠡᠬᠢ ᠤᠳᠠᠭ᠎ᠠ ᠶᠢᠨ ᠬᠤᠷᠠᠯᠳᠤᠭᠠᠨ ᠪᠣᠯᠵᠤ ᠥᠨᠳᠥᠷᠯᠡᠯ᠎ᠡ᠃

ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠱᠠᠩᠬᠠᠢ ᠶᠢᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠶᠢᠨ ᠭᠡᠰᠢᠭᠦᠨ᠂ ᠣᠷᠣᠯᠴᠠᠭᠴᠢ ᠣᠷᠣᠨ ᠨᠤᠭᠤᠳ ᠪᠣᠯᠤᠨ ᠣᠯᠠᠨ ᠤᠯᠤᠰ ᠤᠨ ᠪᠠᠶᠢᠭᠤᠯᠤᠯᠭ᠎ᠠ ᠨᠤᠭᠤᠳ ᠤᠨ ᠲᠥᠯᠥᠭᠡᠯᠡᠭᠴᠢᠳ ᠦᠨ ᠲᠡᠷᠢᠭᠦᠨ ᠨᠠᠷ ᠤᠨ ᠥᠷᠭᠡᠳᠬᠡᠭ᠍ᠰᠡᠨ ᠬᠤᠷᠠᠯᠳᠤᠭᠠᠨ ᠳᠤ ᠣᠷᠣᠯᠴᠠᠵᠤ ᠦᠭᠡ ᠬᠡᠯᠡᠭᠰᠡᠨ ᠦ ᠪᠡᠨ ᠳᠠᠷᠠᠭ᠎ᠠ ᠲᠥᠯᠥᠭᠡᠯᠡᠭᠴᠢᠳ ᠦᠨ ᠲᠡᠷᠢᠭᠦᠨ ᠨᠠᠷ ᠤᠨ ᠬᠠᠮᠲᠤ ᠳᠤᠷᠠᠰᠬᠠᠯ ᠤᠨ ᠵᠢᠷᠤᠭ ᠲᠠᠲᠠᠭᠤᠯᠪᠠ᠃