Та "Internet explorer"-ийн сүүлийн хувилбар болох "Microsoft edge"-г ашиглана уу

Хэрэв "Microsoft edge"-г татах бол энд дарж татаж авна уу

ᠶᠠᠫᠣᠨ ᠤᠯᠤᠰ ᠤᠨ ᠭᠠᠳᠠᠭᠠᠳᠤ ᠬᠡᠷᠡᠭ ᠦᠨ ᠰᠠᠢᠢᠳ ᠺᠣᠨᠣ᠋ ᠲᠠᠷᠣ᠋ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠪᠠᠷᠠᠭᠠᠯᠬᠠᠯ᠎ᠠ

ᠮᠣᠩ᠋ᠭᠣᠯ ᠤᠯᠤᠰ ᠤᠨ ᠭᠠᠳᠠᠭᠠᠳᠤ ᠬᠠᠷᠢᠯᠴᠠᠭᠠᠨ ᠤ ᠰᠠᠢᠢᠳ ᠲ ∙ ᠴᠣᠭᠲᠤᠪᠠᠭᠠᠲᠤᠷ ᠤᠨ ᠤᠷᠢᠯᠭ᠎ᠠ ᠪᠠᠷ ᠶᠠᠫᠣᠨ ᠤᠯᠤᠰ ᠤᠨ ᠭᠠᠳᠠᠭᠠᠳᠤ ᠬᠡᠷᠡᠭ ᠦᠨ ᠰᠠᠢᠢᠳ ᠺᠣᠨᠣ᠋ ᠲᠠᠷᠣ᠋ ᠮᠣᠩ᠋ᠭᠣᠯ ᠤᠯᠤᠰ ᠲᠤ ᠠᠯᠪᠠᠨ ᠶᠣᠰᠣᠨ ᠤ ᠠᠢᠢᠯᠴᠢᠯᠠᠯ ᠬᠢᠵᠦ ᠪᠠᠢᠢᠨ᠎ᠠ᠃

ᠠᠢᠢᠯᠴᠢᠯᠠᠯ ᠤᠨ ᠬᠦᠷᠢᠶᠡᠨ ᠳᠥ ᠥᠨᠥᠳᠥᠷ ᠨᠣᠶᠠᠨ ᠺᠣᠨᠣ᠋ ᠲᠠᠷᠣ᠋ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠪᠠᠷᠠᠭᠠᠯᠬᠠᠪᠠ᠃

ᠠᠭᠤᠯᠵᠠᠯᠲᠠ ᠢᠢᠨ ᠡᠬᠢᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠶᠠᠫᠣᠨ ᠤᠯᠤᠰ ᠨᠢ ᠰᠣᠼᠢᠶᠠᠯᠢᠰᠲ ᠨᠡᠢᠢᠭᠡᠮ ᠤᠨ ᠦᠶ᠎ᠡ ᠳᠥ ᠴᠤ᠂ ᠵᠠᠬ᠎ᠠ ᠵᠡᠭᠡᠯᠢ ᠢᠢᠨ ᠨᠡᠢᠢᠭᠡᠮ ᠳᠥ ᠴᠤ ᠮᠣᠩ᠋ᠭᠣᠯ ᠤᠯᠤᠰ ᠲᠤ ᠣᠢᠢᠷ᠎ᠠ ᠳᠣᠲᠣᠨᠣ ᠪᠠᠢᠢᠵᠤ᠂ ᠲᠤᠰᠠᠯᠠᠵᠤ ᠳᠡᠮᠵᠢᠵᠦ ᠢᠷᠡᠭᠰᠡᠨ ᠭᠡᠳᠡᠭ ᠢ ᠳᠤᠷᠠᠳᠤᠭᠠᠳ᠂ ᠥᠨᠥ ᠢᠢᠨ ᠲᠦᠪᠰᠢᠨ ᠳᠥ ᠲᠤᠰᠠᠯᠠᠮᠵᠢ᠂ ᠳᠡᠮᠵᠢᠯᠭᠡ᠂ ᠬᠥᠩᠭᠡᠯᠡᠯᠲᠡ ᠲᠡᠢ ᠵᠡᠭᠡᠯᠢ ᠭᠡᠬᠦ ᠡᠴᠡ ᠢᠯᠡᠭᠦᠦ ᠲᠡᠢ ᠬᠠᠷᠢᠯᠴᠠᠨ ᠠᠰᠢᠭᠲᠠᠢ ᠪᠢᠽᠢᠨ᠋᠋ᠧᠰ ᠦᠨ ᠵᠠᠷᠴᠢᠮ ᠳᠤ ᠲᠤᠯᠭᠠᠭᠤᠷᠢᠯᠠᠨ ᠬᠠᠮᠲᠤᠷᠠᠵᠤ ᠠᠵᠢᠯᠯᠠᠬᠤ ᠬᠡᠷᠡᠭᠲᠡᠢ ᠭᠡᠵᠦ ᠦᠵᠡᠵᠦ ᠪᠤᠢ ᠢᠢ ᠪᠠᠨ ᠬᠡᠯᠡᠯ᠎ᠡ᠃

ᠲᠤᠬᠠᠢᠢᠯᠠᠪᠠᠯ᠂ ᠶᠠᠫᠣᠨ ᠤᠯᠤᠰ ᠲᠠᠢ ᠪᠠᠢᠢᠭᠤᠯᠤᠭᠰᠠᠨ ᠡᠳ᠋ ᠍ ᠦᠨ ᠵᠠᠰᠠᠭ ᠤᠨ ᠲᠦᠩᠰᠢᠯᠡᠯ ᠦᠨ ᠬᠡᠯᠡᠯᠴᠡᠭᠡᠷ ᠦᠨ ᠬᠦᠷᠢᠶᠡᠨ ᠳᠥ ᠶᠠᠫᠣᠨ ᠤᠷᠤᠭᠤ 6000 ᠣᠷᠴᠢᠮ ᠲᠥᠷᠥᠯ ᠦᠨ ᠪᠠᠷᠠᠭ᠎ᠠ ᠪᠦᠲᠦᠭᠡᠭ᠍ᠳᠡᠬᠦᠨ ᠢ ᠭᠠᠢᠢᠯᠢ ᠢᠢᠨ ᠲᠠᠷᠢᠹ ᠤᠨ ᠬᠥᠩᠭᠡᠯᠡᠯᠲᠡ ᠲᠡᠢ ᠤᠷᠤᠭᠤᠯᠬᠤ ᠪᠣᠯᠤᠭᠰᠠᠨ ᠴᠤ ᠪᠣᠳᠠᠲᠤ ᠪᠠᠢᠢᠳᠠᠯ ᠳᠡᠭᠡᠷ᠎ᠡ ᠨᠣᠯᠣᠤᠷ ᠪᠦᠲᠦᠭᠡᠭ᠍ᠳᠡᠬᠦᠨ ᠡᠴᠡ ᠪᠤᠰᠤᠳ ᠡᠺᠰᠫᠣᠷᠲ ᠤᠨ ᠨᠡᠷ᠎ᠡ ᠲᠥᠷᠥᠯ ᠨᠡᠮᠡᠭᠳᠡᠬᠦ ᠦᠭᠡᠢ ᠪᠠᠢᠢᠭᠠᠳ ᠠᠩᠬᠠᠷᠤᠯ ᠬᠠᠨᠳᠤᠭᠤᠯᠬᠤ ᠱᠠᠭᠠᠷᠳᠠᠯᠭ᠎ᠠ ᠲᠠᠢ ᠢᠢ ᠴᠣᠬᠣᠨ ᠲᠡᠮᠳᠡᠭᠯᠡᠪᠡ᠃ ᠤᠯᠠᠮ ᠢᠶᠠᠷ ᠬᠣᠶᠠᠷ ᠣᠷᠣᠨ ᠤ ᠡᠳ᠋ ᠍ ᠦᠨ ᠵᠠᠰᠠᠭ ᠤᠨ ᠪᠣᠯᠤᠨ ᠪᠤᠰᠤᠳ ᠬᠠᠷᠢᠯᠴᠠᠭ᠎ᠠ ᠢᠢ ᠳᠡᠮᠵᠢᠬᠦ ᠪᠠᠢᠢᠩ᠋ᠭᠤ ᠢᠢᠨ ᠮᠧᠬᠠᠨᠢᠰᠮ ᠪᠠᠢᠢᠭᠤᠯᠬᠤ ᠳᠤ ᠠᠩᠬᠠᠷᠤᠯ ᠬᠠᠨᠳᠤᠭᠤᠯᠬᠤ᠂ ᠡᠨᠡ ᠨᠢ ᠭᠠᠳᠠᠭᠠᠳᠤ ᠬᠡᠷᠡᠭ ᠦᠨ ᠰᠠᠢᠢᠳ ᠨᠠᠷ ᠤᠨ ᠡᠷᠬᠢᠯᠡᠬᠦ ᠠᠰᠠᠭᠤᠳᠠᠯ ᠤᠨ ᠬᠦᠷᠢᠶᠡᠨ ᠳᠥ ᠪᠠᠢᠢᠵᠤ ᠪᠣᠯᠬᠤ ᠶᠤᠮ ᠵᠡᠷᠭᠡ ᠰᠠᠨᠠᠯ ᠳᠡᠪᠰᠢᠭᠦᠯᠪᠡ᠃

ᠮᠥᠨ ᠠᠭᠤᠯᠵᠠᠯᠲᠠ ᠢᠢᠨ ᠦᠶ᠎ᠡ ᠪᠡᠷ ᠬᠣᠶᠠᠷ ᠲᠠᠯ᠎ᠠ ᠠᠴᠠ ᠮᠣᠩ᠋ᠭᠣᠯ ᠤᠯᠤᠰ ᠤᠨ ᠲᠡᠮᠦᠷ ᠵᠠᠮ ᠤᠨ ᠪᠦᠲᠦᠭᠡᠨ ᠪᠠᠢᠢᠭᠤᠯᠤᠯᠲᠠ ᠢᠢᠨ ᠠᠰᠠᠭᠤᠳᠠᠯ ᠢ ᠬᠥᠨᠳᠡᠨ ᠶᠠᠷᠢᠭᠰᠠᠨ ᠨᠢ ᠶᠠᠫᠣᠨ ᠤ ᠡᠷᠴᠢᠮ ᠬᠦᠴᠦᠨ ᠦ ᠰᠣᠨᠢᠷᠬᠠᠯ ᠢ ᠬᠠᠩ᠋ᠭᠠᠬᠤ᠂ ᠮᠣᠩ᠋ᠭᠣᠯ ᠤᠨ ᠡᠷᠴᠢᠮ ᠬᠦᠴᠦᠨ ᠦ ᠡᠬᠡ ᠡᠭᠦᠰᠪᠦᠷᠢ ᠨᠦᠭᠦᠳ ᠢ ᠡᠺᠰᠫᠣᠷᠲ᠋ᠯᠠᠬᠤ ᠵᠡᠷᠭᠡ ᠠᠰᠢᠭ ᠰᠣᠨᠢᠷᠬᠠᠯ ᠲᠠᠢ ᠨᠡᠢᠢᠴᠡᠵᠦ ᠪᠠᠢᠢᠭ᠎ᠠ ᠲᠠᠯ᠎ᠠ ᠪᠠᠷ ᠳᠡᠯᠭᠡᠷᠡᠩᠭᠦᠢ ᠰᠠᠨᠠᠯ ᠰᠣᠯᠢᠯᠴᠠᠯ᠎ᠠ᠃

ᠶᠠᠫᠣᠨ ᠤᠯᠤᠰ ᠤᠨ ᠭᠠᠳᠠᠭᠠᠳᠤ ᠬᠡᠷᠡᠭ ᠦᠨ ᠰᠠᠢᠢᠳ ᠺᠣᠨᠣ᠋ ᠲᠠᠷᠣ᠋ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠳᠡᠪᠰᠢᠭᠦᠯᠦᠭᠰᠡᠨ ᠰᠠᠨᠠᠯ ᠤᠳ ᠢ ᠬᠦᠯᠢᠶᠡᠨ ᠠᠪᠴᠤ᠂ ᠬᠣᠶᠠᠷ ᠣᠷᠣᠨ ᠤ ᠬᠠᠷᠢᠯᠴᠠᠭᠠᠨ ᠤ ᠪᠠᠢᠢᠩ᠋ᠭᠤ ᠢᠢᠨ ᠮᠧᠬᠠᠨᠢᠰᠮ ᠪᠠᠢᠢᠭᠤᠯᠬᠤ ᠵᠡᠷᠭᠡ ᠰᠠᠨᠠᠯ ᠤᠨ ᠬᠦᠷᠢᠶᠡᠨ ᠳᠥ ᠬᠠᠷᠢᠯᠴᠠᠨ ᠠᠢᠢᠯᠴᠢᠯᠠᠯ᠂ ᠠᠭᠤᠯᠵᠠᠯᠲᠠ ᠢᠢᠨ ᠳᠠᠪᠲᠠᠮᠵᠢ ᠢᠢ ᠨᠡᠮᠡᠭᠳᠡᠭᠦᠯᠬᠦ ᠳᠥ ᠠᠩᠬᠠᠷᠤᠨ᠎ᠠ ᠭᠡᠯ᠎ᠡ᠃

ᠠᠭᠤᠯᠵᠠᠯᠲᠠ ᠢᠢᠨ ᠲᠡᠭᠦᠰᠬᠡᠯ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠶᠠᠫᠣᠨ ᠤᠯᠤᠰ ᠤᠨ ᠡᠵᠡᠨ ᠬᠠᠭᠠᠨ ᠨᠠᠷᠤᠢᠬᠢᠲ᠋ᠣ᠋ ᠳᠤ ᠮᠡᠨᠳᠦᠴᠢᠯᠡᠭᠡ ᠤᠯᠠᠮᠵᠢᠯᠠᠬᠤ ᠢᠢᠨ ᠵᠡᠷᠭᠡᠴᠡᠭᠡ ᠬᠠᠭᠠᠨ ᠰᠡᠩᠲᠡᠢ ᠳᠥ ᠵᠠᠯᠠᠷᠠᠭᠰᠠᠨ ᠢ ᠲᠤᠩ᠋ᠬᠠᠭᠯᠠᠬᠤ ᠶᠣᠰᠣᠯᠠᠯ ᠳᠤ ᠤᠷᠤᠯᠴᠠᠬᠤ ᠤᠷᠢᠯᠭ᠎ᠠ ᠢᠢ ᠬᠠᠯᠠᠭᠤᠨ ᠳᠣᠲᠣᠨᠣ ᠪᠠᠷ ᠬᠦᠯᠢᠶᠡᠨ ᠠᠪᠤᠭᠰᠠᠨ ᠭᠡᠳᠡᠭ ᠢᠶᠡᠨ ᠮᠡᠳᠡᠭᠳᠡᠯ᠎ᠡ᠃