Та "Internet explorer"-ийн сүүлийн хувилбар болох "Microsoft edge"-г ашиглана уу

Хэрэв "Microsoft edge"-г татах бол энд дарж татаж авна уу

ᠱᠸᠧᠢᠼᠠᠷ ᠤᠨ ᠬᠣᠯᠪᠣᠭᠠᠨ ᠤ ᠤᠯᠤᠰ ᠤᠨ ᠦᠨᠳᠦᠰᠦᠨ ᠦ ᠵᠥᠪᠯᠡᠯ ᠦᠨ ᠳᠠᠷᠤᠭ᠎ᠠ ᠮᠠᠷᠢᠨ᠎ᠠ ᠺᠠᠷᠣᠪᠪᠢᠣ᠋ ᠭᠦᠱᠧᠲ᠋ᠲ᠋ᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠪᠠᠷᠠᠭᠠᠯᠬᠠᠯ᠎ᠠ

ᠱᠸᠧᠢᠼᠠᠷ ᠤᠨ ᠬᠣᠯᠪᠣᠭᠠᠨ ᠤ ᠤᠯᠤᠰ ᠤᠨ ᠦᠨᠳᠦᠰᠦᠨ ᠦ ᠵᠥᠪᠯᠡᠯ ᠦᠨ ᠳᠠᠷᠤᠭ᠎ᠠ᠂ ᠬᠠᠲᠤᠭᠲᠠᠢ ᠮᠠᠷᠢᠨ᠎ᠠ ᠺᠠᠷᠣᠪᠪᠢᠣ᠋ ᠭᠦᠱᠧᠲ᠋ᠲ᠋ᠢ ᠤᠯᠤᠰ ᠤᠨ ᠶᠡᠬᠡ ᠬᠤᠷᠠᠯ ᠤᠨ ᠳᠠᠷᠤᠭ᠎ᠠ ᠭ ∙ ᠽᠠᠨᠳᠠᠨᠰᠢᠲᠠᠷ᠎ᠠ ᠢᠢᠨ ᠤᠷᠢᠯᠭ᠎ᠠ ᠪᠠᠷ ᠡᠨᠡ ᠰᠠᠷ᠎ᠠ ᠢᠢᠨ 23-26 ᠍ ᠤ ᠡᠳᠦᠷ ᠦᠳ ᠲᠥ ᠮᠣᠩ᠋ᠭᠣᠯ ᠤᠯᠤᠰ ᠲᠤ ᠠᠯᠪᠠᠨ ᠶᠣᠰᠣᠨ ᠤ ᠠᠢᠢᠯᠴᠢᠯᠠᠯ ᠬᠢᠵᠦ ᠪᠠᠢᠢᠨ᠎ᠠ᠃

ᠬᠠᠲᠤᠭᠲᠠᠢ ᠮᠠᠷᠢᠨ᠎ᠠ ᠺᠠᠷᠣᠪᠪᠢᠣ᠋ ᠭᠦᠱᠧᠲ᠋ᠲ᠋ᠢ ᠠᠢᠢᠯᠴᠢᠯᠠᠯ ᠤᠨ ᠢᠶᠠᠨ ᠬᠦᠷᠢᠶᠡᠨ ᠳᠥ ᠥᠨᠥᠳᠥᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠪᠠᠷᠠᠭᠠᠯᠬᠠᠪᠠ᠃

ᠠᠭᠤᠯᠵᠠᠯᠲᠠ ᠢᠢᠨ ᠡᠬᠢᠨ ᠳᠥ ᠬᠠᠲᠤᠭᠲᠠᠢ ᠮᠠᠷᠢᠨ᠎ᠠ ᠺᠠᠷᠣᠪᠪᠢᠣ᠋ ᠭᠦᠱᠧᠲ᠋ᠲ᠋ᠢ ᠬᠥᠳᠡᠭᠡ ᠠᠵᠤ ᠠᠬᠤᠢ᠂ ᠬᠦᠨᠡᠰᠦᠨ ᠦ ᠠᠶᠤᠯ ᠦᠭᠡᠢ ᠪᠠᠢᠢᠳᠠᠯ᠂ ᠮᠡᠷᠭᠡᠵᠢᠯ ᠦᠨ ᠪᠣᠯᠪᠠᠰᠤᠷᠠᠯ᠂ ᠵᠠᠰᠠᠭᠯᠠᠯ ᠤᠨ ᠴᠢᠭᠯᠡᠯ ᠢᠶᠡᠷ ᠬᠣᠶᠠᠷ ᠤᠯᠤᠰ ᠤᠨ ᠬᠥᠭ᠍ᠵᠢᠯ ᠦᠨ ᠬᠠᠮᠲᠤ ᠢᠢᠨ ᠠᠵᠢᠯᠯᠠᠭ᠎ᠠ ᠥᠷᠭᠡᠵᠢᠵᠦ ᠪᠠᠢᠢᠭ᠎ᠠ ᠢᠢ ᠳᠤᠷᠠᠳᠤᠭᠠᠳ ᠠᠢᠢᠯᠴᠢᠯᠠᠯ ᠤᠨ ᠬᠦᠷᠢᠶᠡᠨ ᠳᠥ ᠡᠨᠡ ᠴᠢᠭᠯᠡᠯ ᠦᠨ ᠲᠥᠰᠥᠯ᠂ ᠬᠥᠲᠥᠯᠪᠦᠷᠢ ᠢᠢ ᠥᠷᠭᠡᠵᠢᠭᠦᠯᠬᠦ ᠵᠣᠷᠢᠯᠭ᠎ᠠ ᠲᠠᠢ ᠪᠠᠢᠢᠭ᠎ᠠ ᠭᠡᠯ᠎ᠡ᠃

ᠮᠥᠨ ᠠᠭᠤᠯᠵᠠᠯᠲᠠ ᠢᠢᠨ ᠦᠶ᠎ᠡ ᠪᠡᠷ ᠮᠣᠩ᠋ᠭᠣᠯ-ᠱᠸᠧᠢᠼᠠᠷ ᠤᠨ ᠬᠤᠳᠠᠯᠳᠤᠭᠠᠨ ᠤ ᠡᠷᠭᠢᠯᠲᠡ 16 ᠰᠠᠶ᠎ᠠ ᠠᠮᠠ.ᠳ᠋ᠣᠯᠯᠠᠷ ᠪᠠᠢᠢᠭ᠎ᠠ ᠨᠢ ᠴᠢᠮᠠᠯᠠᠯᠲᠠᠲᠠᠢ ᠬᠡᠮᠡᠨ ᠲᠠᠯ᠎ᠠ ᠨᠤᠭᠤᠳ ᠳ᠋ᠦᠩᠨᠡᠵᠦ᠂ ᠡᠳ᠋ ᠍ ᠦᠨ ᠵᠠᠰᠠᠭ ᠤᠨ ᠬᠠᠷᠢᠯᠴᠠᠭ᠎ᠠ ᠢᠢ ᠥᠷᠭᠡᠵᠢᠭᠦᠯᠬᠦ ᠳᠥ ᠤᠯᠤᠰ ᠲᠥᠷᠥ ᠪᠣᠯᠤᠨ ᠬᠠᠤᠯᠢ ᠡᠷᠬᠡ ᠵᠦᠢ ᠢᠢᠨ ᠲᠣᠭᠲᠠᠪᠤᠷᠢᠲᠠᠢ ᠣᠷᠴᠢᠨ ᠴᠢᠬᠤᠯᠠ ᠭᠡᠳᠡᠭ ᠢ ᠣᠨᠴᠠᠯᠠᠨ ᠲᠡᠮᠳᠡᠭᠯᠡᠪᠡ᠃

ᠡᠳ᠋ ᠍ ᠢ ᠵᠠᠰᠠᠭ ᠤᠨ ᠬᠠᠷᠢᠯᠴᠠᠭ᠎ᠠ ᠢᠢ ᠥᠷᠭᠡᠵᠢᠭᠦᠯᠬᠦ ᠪᠣᠯᠤᠮᠵᠢ ᠲᠠᠢ ᠣᠯᠠᠨ ᠰᠠᠯᠪᠤᠷᠢ ᠪᠠᠢᠢᠭ᠎ᠠ ᠳᠣᠲᠣᠷ᠎ᠠ ᠮᠣᠩ᠋ᠭᠣᠯ ᠤᠨ ᠠᠶᠠᠯᠠᠯ ᠵᠢᠭᠤᠯᠴᠢᠯᠠᠯ ᠤᠨ ᠰᠠᠯᠪᠤᠷᠢ ᠢᠢᠨ ᠨᠥᠭᠡᠴᠡ ᠪᠣᠯᠤᠯᠴᠠᠭ᠎ᠠ ᠢᠢ ᠪᠥᠷᠢᠨ ᠳᠦᠭᠦᠷᠡᠩ ᠠᠰᠢᠭᠯᠠᠬᠤ᠂ ᠡᠭᠦᠨ ᠦ ᠲᠤᠯᠠᠳᠠ ᠱᠸᠧᠢᠼᠠᠷ ᠠᠴᠠ ᠮᠧᠨᠧᠵᠮᠧᠨ᠋ᠲ ᠦᠨ ᠰᠢᠨ᠎ᠡ ᠠᠷᠭ᠎ᠠ ᠪᠠᠷᠢᠯ ᠨᠤᠲᠤᠭᠰᠢᠭᠤᠯᠬᠤ ᠪᠣᠯᠤᠮᠵᠢ ᠲᠠᠢ ᠭᠡᠵᠦ ᠦᠵᠡᠵᠦ ᠪᠤᠢ ᠢᠢ ᠪᠠᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠯᠡᠷᠬᠡᠢᠢᠯᠡᠭᠰᠡᠨ ᠶᠤᠮ᠃ ᠮᠥᠨ ᠬᠠᠲᠤᠭᠲᠠᠢ ᠭᠦᠱᠧᠲ᠋ᠲ᠋ᠢ ᠱᠸᠧᠢᠼᠠᠷ ᠤᠨ ᠠᠶᠠᠯᠠᠯ ᠵᠢᠭᠤᠯᠴᠢᠯᠠᠯ ᠤᠨ ᠠᠭᠧᠨ᠋ᠲ᠋ᠯᠢᠭ ᠡᠨᠡ ᠰᠠᠯᠪᠤᠷᠢ ᠳᠤ ᠮᠣᠩ᠋ᠭᠣᠯ ᠤᠯᠤᠰ ᠲᠠᠢ ᠬᠠᠮᠲᠤᠷᠠᠵᠤ ᠠᠵᠢᠯᠯᠠᠬᠤ ᠰᠣᠨᠢᠷᠬᠠᠯ᠎ ᠢᠢᠠᠨ ᠢᠯᠡᠷᠬᠡᠢᠢᠯᠡᠭᠰᠡᠨ ᠪᠥᠭᠡᠳ ᠬᠣᠶᠠᠷ ᠤᠯᠤᠰ ᠤᠨ ᠠᠶᠠᠯᠠᠯ ᠵᠢᠭᠤᠯᠴᠢᠯᠠᠯ ᠤᠨ ᠰᠠᠯᠪᠤᠷᠢ ᠢᠢᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠭᠡᠳᠡᠷᠡᠭ ᠢᠶᠡᠷ ᠲᠥᠰᠦᠭᠡᠯᠡᠵᠦ ᠪᠠᠢᠢᠭ᠎ᠠ ᠬᠡᠮᠡᠪᠡ᠃

ᠲᠡᠭᠦᠨᠴᠢᠯᠡᠨ ᠠᠭᠤᠯᠵᠠᠯᠲᠠ ᠪᠠᠷ ᠲᠠᠯ᠎ᠠ ᠨᠤᠭᠤᠳ ᠰᠡᠷᠬᠦᠭᠡᠭ᠍ᠳᠡᠬᠦ ᠡᠷᠴᠢᠮ ᠬᠦᠴᠦᠨ ᠦ ᠰᠠᠯᠪᠤᠷᠢ ᠳᠤ ᠬᠡᠷᠡᠭᠵᠢᠭᠦᠯᠵᠦ ᠪᠤᠢ ᠲᠥᠰᠥᠯ᠂ ᠰᠠᠨᠠᠭᠠᠴᠢᠯᠠᠭ᠎ᠠ ᠢᠢᠨ ᠬᠦᠷᠢᠶᠡᠨ ᠳᠥ ᠰᠠᠨᠠᠯ ᠰᠣᠯᠢᠯᠴᠠᠵᠤ᠂ ᠡᠨᠡ ᠴᠢᠭᠯᠡᠯ ᠳᠥ ᠬᠣᠶᠠᠷ ᠤᠯᠤᠰ ᠤᠨ ᠬᠠᠮᠲᠤ ᠢᠢᠨ ᠠᠵᠢᠯᠯᠠᠭ᠎ᠠ ᠢᠢ ᠳᠠᠷᠠᠭ᠎ᠠ ᠢᠢᠨ ᠱᠠᠲᠤᠨ ᠳᠤ ᠭᠠᠷᠭᠠᠬᠤ ᠪᠣᠯᠤᠮᠵᠢ ᠲᠠᠢ ᠭᠡᠳᠡᠭ ᠲᠦ ᠰᠠᠨᠠᠯ ᠨᠢᠭᠡᠳᠪᠡ᠃

ᠠᠭᠤᠯᠵᠠᠯᠲᠠ ᠢᠢᠨ ᠲᠡᠭᠦᠰᠬᠡᠯ ᠳᠥ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠱᠸᠧᠢᠼᠠᠷ ᠤᠨ ᠬᠣᠯᠪᠣᠭᠠᠨ ᠤ ᠤᠯᠤᠰ ᠠᠴᠠ ᠮᠣᠩ᠋ᠭᠣᠯ ᠤᠯᠤᠰ ᠲᠤ ᠰᠠᠭᠤᠬᠤ ᠡᠯᠴᠢᠨ ᠰᠠᠢᠢᠳ ᠤᠨ ᠶᠠᠮᠤ ᠨᠡᠭᠡᠭᠡᠬᠦ ᠠᠰᠠᠭᠤᠳᠠᠯ ᠢ ᠬᠥᠨᠳᠡᠵᠦ᠂ ᠲᠤᠰ ᠤᠯᠤᠰ ᠤᠨ ᠶᠡᠷᠦᠩᠬᠡᠢᠢᠯᠡᠭᠴᠢ ᠢᠢ ᠪᠣᠯᠤᠮᠵᠢ ᠲᠠᠢ ᠦᠶ᠎ᠡ᠎ ᠳᠡᠭᠡᠨ ᠮᠣᠩ᠋ᠭᠣᠯ ᠤᠯᠤᠰ ᠲᠤ ᠠᠢᠢᠯᠴᠢᠯᠠᠬᠤ ᠢᠢ ᠤᠷᠢᠯ᠎ᠠ᠃