Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠡᠯᠡᠬᠡᠢ ᠢᠢᠨ ᠡᠷᠡᠭᠦᠯ ᠮᠡᠨᠳᠦ ᠢᠢᠨ ᠪᠠᠢᠢᠭᠤᠯᠤᠯᠭ᠎ᠠ ᠢᠢᠨ ᠲᠥᠯᠦᠭᠡᠯᠡᠭᠴᠢᠳ ᠢ ᠬᠦᠯᠢᠶᠡᠨ ᠠᠪᠴᠤ ᠠᠭᠤᠯᠵᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠳᠡᠯᠡᠬᠡᠢ ᠢᠢᠨ ᠡᠷᠡᠭᠦᠯ ᠮᠡᠨᠳᠦ ᠢᠢᠨ ᠪᠠᠢᠢᠭᠤᠯᠤᠯᠭ᠎ᠠ ᠢᠢᠨ ᠨᠣᠮᠣᠬᠠᠨ ᠳᠠᠯᠠᠢ ᠢᠢᠨ ᠪᠠᠷᠠᠭᠤᠨ ᠪᠦᠰᠡ ᠢᠢᠨ ᠵᠠᠬᠢᠷᠤᠯ ᠳ᠋ᠷ.ᠲᠠᠺᠠᠱᠢ ᠺᠠᠰᠠᠢ᠂ ᠳᠡᠯᠡᠬᠡᠢ ᠢᠢᠨ ᠡᠷᠡᠭᠦᠯ ᠮᠡᠨᠳᠦ ᠢᠢᠨ ᠪᠠᠢᠢᠭᠤᠯᠤᠯᠭ᠎ᠠ ᠢᠢᠨ ᠮᠣᠩ᠋ᠭᠣᠯ ᠤᠯᠤᠰ ᠳ᠋ᠠᠬᠢ ᠰᠠᠭᠤᠷᠢᠨ ᠲᠥᠯᠦᠭᠡᠯᠡᠭᠴᠢ ᠳ᠋ᠷ.ᠰᠧᠷᠭᠧᠢ ᠳ᠋ᠢᠣᠷᠳᠢᠼᠠ ᠨᠠᠷ ᠤᠨ ᠲᠥᠯᠦᠭᠡᠯᠡᠭᠴᠢᠳ ᠢ ᠬᠦᠯᠢᠶᠡᠨ ᠠᠪᠴᠤ ᠠᠭᠤᠯᠵᠠᠯ᠎ᠠ᠃

ᠠᠭᠤᠯᠵᠠᠯᠲᠠ ᠢᠢᠨ ᠡᠬᠢᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠮᠣᠩ᠋ᠭᠣᠯ ᠤᠯᠤᠰ-ᠳᠡᠯᠡᠬᠡᠢ ᠢᠢᠨ ᠡᠷᠡᠭᠦᠯ ᠮᠡᠨᠳᠦ ᠢᠢᠨ ᠪᠠᠢᠢᠭᠤᠯᠤᠯᠭ᠎ᠠ  ᠢᠢᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠳᠤ ᠰᠡᠳᠬᠢᠯ ᠬᠠᠩ᠋ᠭᠠᠯᠤᠭᠤᠨ ᠶᠠᠪᠤᠳᠠᠭ ᠢᠶᠠᠨ ᠢᠯᠡᠷᠬᠡᠢᠢᠯᠡᠭᠡᠳ ᠰᠢᠨ᠎ᠡ ᠪᠡᠷ ᠲᠣᠮᠢᠯᠠᠭᠳᠠᠭᠰᠠᠨ ᠳᠷ.ᠲᠠᠺᠠᠱᠢ ᠺᠠᠰᠠᠢ ᠳᠤ ᠠᠵᠢᠯ ᠤᠨ ᠠᠮᠵᠢᠯᠲᠠ ᠬᠦᠰᠡᠯ᠎ᠡ᠃

ᠳᠷ.ᠲᠠᠺᠠᠱᠢ ᠺᠠᠰᠠᠢ ᠮᠣᠩ᠋ᠭᠣᠯ ᠤᠯᠤᠰ ᠲᠤ ᠠᠩᠬ᠎ᠠ ᠤᠳᠤᠭ᠎ᠠ ᠪᠠᠨ ᠢᠷᠡᠵᠦ ᠪᠠᠢᠢᠭ᠎ᠠ ᠲᠤᠯᠠ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠮᠣᠩ᠋ᠭᠣᠯ ᠤᠯᠤᠰ-ᠳᠡᠯᠡᠬᠡᠢ ᠢᠢᠨ ᠡᠷᠡᠭᠦᠯ ᠮᠡᠨᠳᠦ ᠢᠢᠨ ᠪᠠᠢᠢᠭᠤᠯᠤᠯᠭ᠎ᠠ  ᠢᠢᠨ ᠢᠷᠡᠬᠦ ᠲᠠᠪᠤᠨ ᠵᠢᠯ ᠦᠨ ᠬᠠᠮᠲᠤ ᠢᠢᠨ ᠠᠵᠢᠯᠯᠠᠭᠠᠨ ᠤ ᠪᠣᠳᠣᠯᠭ᠎ᠠ ᠢᠢᠨ ᠪᠠᠷᠢᠮᠲᠠ ᠪᠢᠴᠢᠭ᠌ ᠲᠥ ᠲᠤᠰᠬᠠᠬᠤ ᠱᠠᠭᠠᠷᠳᠠᠯᠭ᠎ᠠ ᠲᠠᠢ ᠭᠡᠵᠦ ᠦᠵᠡᠭᠰᠡᠨ ᠬᠦᠮᠦᠨ ᠠᠮᠠ ᠳᠤᠮᠳᠠ ᠵᠣᠩᠬᠢᠯᠠᠨ ᠲᠣᠬᠢᠶᠠᠯᠳᠤᠵᠤ ᠪᠤᠢ ᠡᠪᠡᠳᠴᠢᠨ᠂ ᠤᠴᠢᠷ ᠰᠢᠯᠲᠠᠭᠠᠨ ᠤ ᠲᠠᠯᠠᠭᠠᠷᠬᠢ ᠶᠡᠷᠦᠩᠬᠡᠢ ᠮᠡᠳᠡᠭᠡᠯᠡᠯ ᠢ ᠦᠭᠪᠡ᠃

ᠡᠭᠦᠨ ᠳᠥ᠂ ᠬᠠᠯᠳᠠᠪᠤᠷᠢᠲᠤ ᠡᠪᠡᠳᠴᠢᠨ᠂ ᠠᠮᠢ ᠪᠠᠨ ᠬᠣᠣᠷᠯᠠᠯᠳᠠ᠂ ᠬᠠᠪᠤᠳᠠᠷ᠂ ᠪᠡᠯᠭᠡ ᠢᠢᠨ ᠵᠠᠮ ᠤᠨ ᠡᠪᠡᠳᠴᠢᠯᠡᠯ᠂ ᠰᠢᠳᠦᠨ ᠦ ᠡᠪᠡᠳᠴᠢᠨ ᠨᠡᠮᠡᠭᠳᠡᠵᠦ ᠪᠤᠢ ᠢᠢ ᠳᠤᠷᠠᠳᠤᠭᠠᠳ ᠠᠭᠠᠷ ᠤᠨ ᠪᠣᠬᠢᠷᠳᠠᠯ ᠶᠡᠬᠡ ᠲᠡᠢ᠂ ᠬᠦᠨᠡᠰᠦᠨ ᠦ ᠠᠶᠤᠯ ᠦᠭᠡᠢ ᠪᠠᠢᠢᠳᠠᠯ ᠮᠠᠭᠤ᠂ ᠤᠷᠢᠳᠴᠢᠯᠠᠨ ᠰᠡᠷᠭᠡᠢᠢᠯᠡᠯᠲᠡ ᠳᠤᠲᠠᠮᠠᠭ ᠵᠡᠷᠭᠡ ᠤᠴᠢᠷ ᠰᠢᠯᠲᠠᠭᠠᠨ ᠢ ᠲᠣᠳᠣᠷᠬᠠᠢ ᠳᠤᠷᠠᠳᠪᠠ᠃ ᠲᠤᠬᠠᠢᠢᠯᠠᠪᠠᠯ᠂ ᠠᠭᠠᠷ ᠤᠨ ᠪᠣᠬᠢᠷᠳᠠᠯ ᠨᠢ ᠠᠵᠢᠯᠭᠦᠢᠢᠳᠡᠯ᠂ ᠶᠠᠳᠠᠭᠤᠷᠠᠯ ᠠᠴᠠ ᠡᠭᠦᠳᠦᠯᠲᠡᠢ᠂ ᠬᠠᠪᠤᠳᠠᠷ ᠨᠢ ᠬᠣᠭᠣᠯᠠ ᠬᠦᠨᠡᠰᠦᠨ ᠦ ᠴᠢᠨᠠᠷ᠂ ᠪᠠᠲᠤᠯᠠᠭ᠎ᠠ ᠦᠭᠡᠢ ᠪᠠᠢᠢᠳᠠᠯ ᠲᠠᠢ ᠬᠣᠯᠪᠣᠭ᠎ᠠ ᠲᠠᠢ ᠴᠤ ᠵᠠᠰᠠᠭ ᠤᠨ ᠭᠠᠵᠠᠷ᠂ ᠤᠯᠤᠰ ᠤᠨ ᠶᠡᠬᠡ ᠬᠤᠷᠠᠯ ᠲᠣᠳᠣᠷᠬᠠᠢ ᠪᠣᠳᠣᠯᠭ᠎ᠠ ᠭᠠᠷᠭᠠᠬᠤ ᠦᠭᠡᠢ ᠪᠠᠢᠢᠭ᠎ᠠ ᠲᠤᠯᠠ ᠳᠡᠯᠡᠬᠡᠢ ᠢᠢᠨ ᠡᠷᠡᠭᠦᠯ ᠮᠡᠨᠳᠦ ᠢᠢᠨ ᠪᠠᠢᠢᠭᠤᠯᠤᠯᠭ᠎ᠠ ᠤᠨ ᠲᠠᠢᠢᠯᠤᠨ ᠳ᠋ᠦᠩᠨᠡᠯᠲᠡ ᠳᠥ ᠲᠣᠳᠣᠷᠬᠠᠢ ᠰᠤᠳᠤᠯᠭ᠎ᠠ᠂ ᠰᠢᠨᠵᠢᠯᠡᠭᠡ ᠲᠡᠢ ᠳᠤᠷᠠᠳᠴᠤ᠂ ᠬᠠᠮᠲᠤ ᠢᠢᠨ ᠠᠵᠢᠯᠯᠠᠭᠠᠨ ᠤ ᠭᠣᠣᠯ ᠴᠥᠮ᠎ᠡ ᠪᠣᠯᠭᠠᠬᠤ ᠢᠢ ᠬᠦᠰᠡᠯ᠎ᠡ᠃

ᠮᠥᠨ ᠡᠨᠡ ᠠᠰᠠᠭᠤᠳᠠᠯ ᠳᠤ ᠴᠢᠨᠠᠭᠰᠢᠳᠠ ᠠᠩᠬᠠᠷᠤᠯ ᠬᠠᠨᠳᠤᠭᠤᠯᠵᠤ ᠠᠵᠢᠯᠯᠠᠬᠤ ᠢᠢ ᠠᠭᠤᠯᠵᠠᠯᠲᠠ ᠳᠤ ᠣᠷᠣᠯᠴᠠᠭᠰᠠᠨ ᠡᠷᠡᠭᠦᠯ ᠮᠡᠨᠳᠦ ᠢᠢᠨ ᠰᠠᠢᠢᠳ ᠳ ∙ ᠰᠠᠷᠠᠨᠭᠡᠷᠡᠯ ᠳᠥ ᠳᠠᠭᠠᠭᠠᠯᠭᠠᠵᠤ᠂ ᠡᠷᠡᠭᠦᠯ ᠮᠡᠨᠳᠦ ᠢᠢᠨ ᠶᠠᠮᠤ ᠪᠠᠷ ᠳᠠᠮᠵᠢᠭᠤᠯᠤᠨ ᠨᠢᠭ᠌ᠲᠠ ᠬᠠᠮᠲᠤ ᠢᠢᠨ ᠠᠵᠢᠯᠯᠠᠭ᠎ᠠ ᠲᠠᠢ ᠪᠠᠢᠢᠬᠤ ᠢᠢ ᠳᠡᠯᠡᠬᠡᠢ ᠢᠢᠨ ᠡᠷᠡᠭᠦᠯ ᠮᠡᠨᠳᠦ ᠢᠢᠨ ᠪᠠᠢᠢᠭᠤᠯᠤᠯᠭ᠎ᠠ  ᠢᠢᠨ ᠲᠥᠯᠥᠭᠡᠯᠡᠭᠴᠢᠳ ᠡᠴᠡ ᠬᠦᠰᠡᠪᠡ᠃