Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠣᠷᠣᠰ ᠤᠨ ᠬᠣᠯᠪᠣᠭᠠᠨ ᠤ ᠤᠯᠤᠰ ᠤᠨ ᠡᠷᠡᠬᠦᠦ ᠮᠤᠵᠢ ᠳᠤ ᠶᠡᠬᠡ ᠬᠡᠮᠵᠢᠶᠡᠨ ᠦ ᠦᠶᠡᠷ ᠪᠣᠯᠤᠭᠰᠠᠨ ᠲᠠᠢ ᠬᠣᠯᠪᠣᠭᠳᠠᠭᠤᠯᠤᠨ ᠡᠮᠭᠡᠨᠢᠯ ᠢᠯᠡᠷᠬᠡᠢᠢᠯᠡᠪᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠣᠷᠣᠰ ᠤᠨ ᠬᠣᠯᠪᠣᠭᠠᠨ ᠤ ᠤᠯᠤᠰ ᠤᠨ ᠡᠷᠡᠬᠦᠦ ᠮᠤᠵᠢ ᠳᠤ ᠶᠡᠬᠡ ᠬᠡᠮᠵᠢᠶᠡᠨ ᠦ ᠦᠶᠡᠷ ᠪᠣᠯᠤᠭᠰᠠᠨ ᠲᠠᠢ ᠬᠣᠯᠪᠣᠭᠳᠠᠭᠤᠯᠤᠨ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸᠯᠠᠳᠢᠮᠢᠷ ᠸᠯᠠᠳᠢᠮᠢᠷᠣᠸᠢᠴ ᠫᠦᠲ᠋ᠢᠨ ᠳᠥ ᠡᠮᠭᠡᠨᠢᠯ ᠢᠯᠡᠷᠬᠡᠢᠢᠯᠡᠭᠰᠡᠨ ᠵᠠᠬᠢᠳᠠᠯ ᠢᠯᠡᠭᠡᠯ᠎ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠡᠮᠭᠡᠨᠢᠯ  ᠳᠥ᠄
《ᠣᠷᠣᠰ ᠤᠨ ᠬᠣᠯᠪᠣᠭᠠᠨ ᠤ ᠤᠯᠤᠰ ᠤᠨ ᠡᠷᠡᠬᠦᠦ ᠮᠤᠵᠢ ᠳᠤ ᠪᠣᠯᠤᠭᠰᠠᠨ ᠶᠡᠬᠡ ᠬᠡᠮᠵᠢᠶᠡᠨ ᠦ ᠦᠶᠡᠷ ᠦᠨ ᠤᠯᠠᠮ ᠠᠴᠠ ᠬᠣᠬᠢᠷᠠᠯ ᠠᠮᠰᠠᠭᠰᠠᠨ ᠢᠷᠭᠡᠳ ᠲᠥ ᠴᠢᠩ ᠰᠡᠳᠬᠢᠯ ᠦᠨ ᠡᠮᠭᠡᠨᠢᠯ ᠪᠣᠯᠤᠨ ᠰᠡᠳᠬᠢᠯ ᠰᠠᠨᠠᠭᠠᠨ ᠤ ᠳᠡᠮᠵᠢᠯᠭᠡ ᠪᠡᠨ ᠢᠯᠡᠷᠬᠡᠢᠢᠯᠡᠵᠦ ᠪᠠᠢᠢᠭ᠎ᠠ ᠢᠢ ᠬᠦᠯᠢᠶᠡᠨ ᠠᠪᠤᠨ᠎ᠠ ᠤᠤ᠃

ᠡᠭᠦᠨ ᠲᠡᠢ ᠬᠣᠯᠪᠣᠭᠳᠠᠭᠤᠯᠤᠨ ᠮᠣᠩ᠋ᠭᠣᠯ ᠤᠨ ᠠᠷᠠᠳ ᠲᠦᠮᠡᠨ ᠡᠷᠡᠬᠦᠦ ᠮᠤᠵᠢ ᠳ᠋ᠠᠬᠢ ᠦᠶᠡᠷ ᠲᠥ ᠠᠪᠲᠠᠭᠰᠠᠳ ᠲᠤ ᠬᠦᠮᠦᠨᠯᠢᠭ ᠦᠨ ᠲᠤᠰᠠᠯᠠᠮᠵᠢ ᠦᠵᠡᠭᠦᠯᠬᠦ ᠵᠣᠷᠢᠯᠭ᠎ᠠ ᠪᠠᠷ ᠮᠥᠩᠭᠥ᠂ ᠨᠡᠩ ᠱᠠᠭᠠᠷᠳᠠᠯᠭ᠎ᠠ ᠲᠠᠢ ᠵᠦᠢᠯᠡᠰ᠂ ᠬᠣᠭᠣᠯᠠ ᠬᠦᠨᠡᠰᠦ᠂ ᠳᠤᠯᠠᠭᠠᠨ ᠬᠤᠪᠴᠠᠰᠤ ᠬᠡᠷᠡᠭᠰᠡᠯ᠂ ᠡᠮ᠂ ᠡᠮ ᠦᠨ ᠪᠦᠲᠦᠭᠡᠭ᠍ᠳᠡᠬᠦᠨ ᠴᠤᠭᠯᠠᠭᠤᠯᠵᠤ ᠡᠬᠢᠯᠡᠭᠰᠡᠨ᠃ ᠮᠥᠨ ᠮᠣᠩ᠋ᠭᠣᠯ ᠤᠯᠤᠰ ᠤᠨ ᠬᠡᠦᠬᠡᠳ ᠦᠨ ᠠᠮᠠᠷᠠᠯᠲᠠ ᠢᠢᠨ ᠲᠥᠪ ᠦᠳ ᠡᠷᠡᠬᠦᠦ ᠮᠤᠵᠢ ᠢᠢᠨ ᠦᠶᠡᠷ ᠲᠥ ᠠᠪᠲᠠᠭᠰᠠᠨ ᠳᠦᠭᠦᠷᠭᠡ ᠨᠦᠭᠦᠳ ᠡᠴᠡ 100 ᠬᠦᠷᠲᠡᠯᠡᠬᠢ ᠬᠡᠦᠬᠡᠳ ᠢ ᠬᠦᠯᠢᠶᠡᠨ ᠠᠪᠬᠤ ᠳᠤ ᠪᠡᠯᠡᠨ ᠪᠠᠢᠢᠨ᠎ᠠ》 ᠭᠡᠵᠡᠢ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠠᠴᠠ ᠪᠠᠢᠢᠭᠠᠯᠢ ᠢᠢᠨ ᠭᠠᠮᠰᠢᠭ ᠲᠤ ᠥᠷᠲᠦᠭᠰᠡᠨ ᠡᠷᠡᠬᠦᠦ ᠮᠤᠵᠢ ᠢᠢᠨ ᠢᠷᠭᠡᠳ ᠲᠥ ᠲᠤᠰᠠᠯᠠᠬᠤ ᠤᠷᠢᠶᠠᠯᠭ᠎ᠠ ᠭᠠᠷᠭᠠᠵᠤ᠂ ᠠᠵᠤ ᠠᠬᠤᠢ ᠢᠢᠨ ᠨᠢᠭᠡᠴᠡ ᠨᠦᠭᠦᠳ ᠡᠴᠡ ᠲᠤᠰᠠᠯᠠᠮᠵᠢ ᠢᠢᠨ ᠪᠠᠷᠠᠭ᠎ᠠ ᠮᠠᠲ᠋ᠧᠷᠢᠶᠠᠯ ᠴᠤᠭᠯᠠᠭᠤᠯᠬᠤ ᠠᠵᠢᠯ ᠢ ᠦᠷᠭᠦᠯᠵᠢᠯᠡᠭᠦᠯᠵᠦ ᠪᠠᠢᠢᠨ᠎ᠠ᠃