ᠮᠣᠩᠭ᠋ᠤᠯ ᠤᠯᠤᠰ ᠤᠨ ᠶᠡᠷᠦᠩᠬᠡᠢᠢᠯᠡᠭᠴᠢ ᠬᠠ᠂ᠪᠠᠲᠤᠲᠤᠯᠭ᠎ᠠ ᠤᠯᠤᠰ ᠲᠥᠷᠦᠴᠢᠳ᠂ ᠲᠥᠷᠥ ᠶᠢᠨ ᠠᠯᠪᠠᠨ ᠬᠠᠭᠠᠭᠴᠢᠳ᠂ ᠲᠡᠳᠡᠨ ᠦ ᠬᠠᠮᠢᠶᠠᠷᠤᠯ ᠪᠦᠬᠦᠢ ᠡᠲᠡᠭᠡᠳ ᠦᠳ ᠲᠥ ᠬᠠᠨᠳᠤᠨ ᠣᠹᠹᠱᠣᠷ ᠳᠠᠩᠰᠠ ᠲᠠᠢ ᠬᠣᠯᠪᠣᠭ᠎ᠠ ᠲᠠᠢ ᠠᠰᠠᠭᠤᠳᠠᠯ ᠢᠶᠠᠷ ᠥᠨᠥᠳᠥᠷ ᠤᠷᠢᠶᠠᠯᠭ᠎ᠠ ᠭᠠᠷᠭᠠᠯ᠎ᠠ᠃
ᠤᠷᠢᠶᠠᠯᠭ᠎ᠠ ᠶᠢ ᠪᠦᠷᠢᠨ ᠡᠬᠢ ᠪᠡᠷ ᠨᠢ ᠬᠦᠷᠭᠡᠵᠦ ᠪᠠᠶᠢᠨ᠎ᠠ᠃
ᠮᠣᠩᠭ᠋ᠤᠯ ᠤᠨ ᠨᠡᠶᠢᠭᠡᠮ ᠳᠥ ᠬᠤᠷᠴᠠ ᠪᠠᠷ ᠰᠢᠭᠦᠮᠵᠢᠯᠡᠭᠳᠡᠨ ᠬᠡᠯᠡᠯᠴᠡᠭᠳᠡᠵᠦ ᠪᠠᠶᠢᠭ᠎ᠠ ᠣᠯᠠᠨ ᠠᠰᠠᠭᠤᠳᠠᠯ ᠤᠨ ᠨᠢᠭᠡ ᠨᠢ ᠤᠯᠤᠰ ᠲᠥᠷᠦᠴᠢᠳ᠂ ᠲᠥᠷᠥ ᠶᠢᠨ ᠠᠯᠪᠠᠨ ᠬᠠᠭᠠᠭᠴᠢᠳ᠂ ᠲᠡᠳᠡᠨ ᠦ ᠬᠠᠮᠢᠶᠠᠷᠤᠯ ᠪᠦᠬᠦᠢ ᠡᠲᠡᠭᠡᠳ ᠦᠳ ᠣᠹᠹᠱᠣᠷ ᠪᠥᠰᠡ ᠳᠥ ᠳᠠᠩᠰᠠ ᠲᠠᠢ ᠪᠠᠶᠢᠬᠤ᠂ ᠠᠪᠢᠯᠭ᠎ᠠ᠂ ᠬᠠᠤᠯᠢ ᠪᠤᠰᠤ ᠪᠠᠷ ᠣᠯᠤᠭᠰᠠᠨ ᠮᠥᠩᠭᠥ ᠬᠥᠷᠥᠩᠭᠡ ᠪᠡᠨ ᠲᠠᠲᠠᠪᠤᠷᠢ ᠠᠴᠠ ᠪᠣᠯᠤᠨ ᠬᠠᠤᠯᠢ ᠬᠢᠨᠠᠯᠲᠠ ᠠᠴᠠ ᠨᠢᠭᠤᠵᠤ ᠪᠠᠶᠢᠷᠢᠰᠢᠭᠤᠯᠵᠤ ᠪᠠᠶᠢᠭ᠎ᠠ ᠶᠠᠪᠤᠳᠠᠯ ᠪᠢᠯᠡ᠃ ᠤᠭ ᠮᠥᠩᠭᠥ ᠨᠢ ᠬᠡᠯᠪᠡᠷᠢ ᠪᠡᠨ ᠦᠭᠡᠷᠡᠴᠢᠯᠡᠵᠦ ᠠᠮᠧᠷᠢᠺᠠ ᠶᠢᠨ ᠨᠢᠭᠡᠳᠦᠭᠰᠡᠨ ᠤᠯᠤᠰ᠂ ᠶᠡᠬᠡ ᠪᠷᠢᠲ᠋ᠠᠨᠢ ᠤᠮᠠᠷᠠᠲᠤ ᠢᠷᠯᠠᠨᠳ᠋ ᠍ ᠤᠨ ᠨᠢᠭᠡᠳᠦᠭᠰᠡᠨ ᠸᠠᠩᠲᠤ ᠤᠯᠤᠰ ᠵᠡᠷᠭᠡ ᠭᠠᠳᠠᠭᠠᠳᠤ ᠤᠯᠤᠰ ᠲᠤ ᠦᠯᠦ ᠬᠦᠳᠡᠯᠬᠦ ᠬᠥᠷᠦᠩᠭᠡ ᠪᠣᠯᠵᠤ ᠬᠤᠪᠢᠷᠠᠭᠰᠠᠨ ᠲᠣᠬᠢᠶᠠᠯᠳᠤᠯ ᠤᠳ ᠣᠯᠠᠨ ᠨᠡᠶᠢᠲᠡ ᠶᠢᠨ ᠮᠡᠳᠡᠭᠡᠯᠡᠯ ᠦᠨ ᠬᠡᠷᠡᠭᠰᠡᠯ ᠦᠳ ᠢᠶᠡᠷ ᠮᠡᠳᠡᠭᠡᠯᠡᠭᠳᠡᠭᠰᠡᠨ᠃
ᠣᠯᠠᠨ ᠤᠯᠤᠰ ᠤᠨ ᠸᠠᠯᠦ᠋ᠲ᠋ᠠ ᠶᠢᠨ ᠰᠠᠩ᠂ ᠣᠯᠠᠨ ᠤᠯᠤᠰ ᠤᠨ ᠡᠳ᠋ ᠍ ᠦᠨ ᠵᠠᠰᠠᠭ ᠤᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠠᠴᠠ ᠨᠡᠶᠢᠲᠡ 42 ᠤᠯᠤᠰ ᠢ 《ᠣᠹᠹᠱᠣᠷ ᠪᠥᠰᠡ》 ᠬᠡᠮᠡᠨ ᠲᠣᠭᠠᠴᠠᠵᠤ ᠨᠡᠷᠡᠯᠡᠭᠰᠡᠨ ᠪᠠᠶᠢᠨ᠎ᠠ᠃ ᠡᠳᠡᠭᠡᠷ ᠣᠹᠹᠱᠣᠷ ᠪᠥᠰᠡ ᠳ᠋ᠡᠬᠢ ᠪᠠᠩᠬᠢ ᠨᠤᠭᠤᠳ ᠲᠤ ᠮᠣᠩᠭ᠋ᠤᠯ ᠤᠯᠤᠰ ᠤᠨ 49 ᠢᠷᠭᠡᠨ ᠳᠠᠩᠰᠠ ᠲᠠᠢ ᠪᠠᠶᠢᠭ᠎ᠠ ᠲᠠᠯ᠎ᠠ ᠪᠠᠷ ᠣᠯᠠᠨ ᠤᠯᠤᠰ ᠤᠨ ᠡᠷᠢᠨ ᠰᠤᠷᠪᠤᠯᠵᠢᠯᠠᠬᠤ ᠰᠡᠳᠬᠦᠯᠴᠢᠳ ᠦᠨ ᠺᠣᠨ᠋ᠰᠤᠷᠼᠢᠶᠤᠢᠮ ᠮᠡᠳᠡᠭᠡᠯᠡᠭᠡᠳ ᠪᠠᠶᠢᠭ᠎ᠠ ᠶᠤᠮ᠃
ᠲᠥᠷᠥ ᠶᠢᠨ ᠥᠨᠳᠥᠷ ᠠᠯᠪᠠᠨ ᠲᠤᠰᠢᠶᠠᠯ ᠬᠠᠰᠢᠵᠤ ᠪᠠᠶᠢᠭ᠎ᠠ ᠬᠦᠮᠦᠰ᠂ ᠤᠯᠤᠰ ᠲᠥᠷᠦᠴᠢᠳ᠂ ᠲᠥᠷᠥ ᠶᠢᠨ ᠠᠯᠪᠠᠨ ᠬᠠᠭᠠᠭᠴᠢᠳ᠂ ᠲᠡᠳᠡᠨ ᠦ ᠬᠠᠮᠢᠶᠠᠷᠤᠯ ᠪᠦᠬᠦᠢ ᠡᠲᠡᠭᠡᠳ ᠦᠳ ᠣᠹᠹᠱᠣᠷ ᠳᠠᠩᠰᠠᠨ ᠳᠤ ᠮᠥᠩᠭᠥᠨ ᠬᠥᠷᠥᠩᠭᠡ ᠪᠡᠨ ᠪᠠᠶᠢᠷᠢᠰᠢᠭᠤᠯᠬᠤ ᠨᠢ ᠲᠤᠬᠠᠢ ᠶᠢᠨ ᠬᠥᠷᠥᠩᠭᠡ ᠶᠢᠨ ᠭᠠᠷᠤᠯ ᠡᠭᠦᠰᠦᠯ ᠬᠠᠤᠯᠢ ᠶᠣᠰᠣᠨ ᠤ ᠡᠰᠡᠬᠦ᠂ ᠲᠠᠲᠠᠪᠤᠷᠢ ᠪᠠᠨ ᠰᠢᠳᠤᠷᠭᠤ ᠪᠠᠷ ᠲᠥᠯᠦᠭᠰᠡᠨ ᠡᠰᠡᠬᠦ᠂ ᠬᠥᠷᠥᠩᠭᠡ ᠣᠷᠣᠯᠭ᠎ᠠ ᠶᠢᠨ ᠮᠡᠳᠡᠭᠦᠯᠭᠡ ᠪᠡᠨ ᠦᠨᠡᠨ ᠵᠥᠪ ᠮᠡᠳᠡᠭᠦᠯᠦᠭᠰᠡᠨ ᠡᠰᠡᠬᠦ ᠵᠡᠷᠭᠡ ᠣᠯᠠᠨ ᠡᠷᠡᠭᠡᠯᠵᠡᠭᠡ ᠶᠢ ᠪᠤᠢ ᠪᠣᠯᠭᠠᠵᠤ᠂ ᠰᠢᠳᠤᠷᠭᠤ ᠶᠣᠰᠣᠨ ᠳᠤ ᠢᠲᠡᠭᠡᠬᠦ ᠣᠯᠠᠨ ᠨᠡᠶᠢᠲᠡ ᠶᠢᠨ ᠢᠲᠡᠭᠡᠯ ᠢ ᠪᠠᠭᠤᠷᠠᠭᠤᠯᠵᠤ ᠪᠠᠶᠢᠨ᠎ᠠ᠃ ᠮᠣᠩᠭ᠋ᠤᠯ ᠤᠯᠤᠰ 2017 ᠣᠨ ᠢ ᠬᠦᠷᠲᠡᠯ᠎ᠡ ᠣᠹᠹᠱᠣᠷ ᠪᠦᠰᠡ ᠳᠥ ᠳᠠᠩᠰᠠ ᠡᠵᠡᠮᠰᠢᠬᠦ ᠠᠰᠠᠭᠤᠳᠠᠯ ᠢᠶᠠᠷ ᠬᠠᠤᠯᠢ᠂ ᠡᠷᠬᠡ ᠵᠦᠢ ᠶᠢᠨ ᠶᠠᠮᠠᠷ ᠨᠢᠭᠡᠨ ᠵᠣᠬᠢᠴᠠᠭᠤᠯᠤᠯᠲᠠ ᠦᠭᠡᠢ ᠶᠠᠪᠤᠵᠤ ᠢᠷᠡᠭᠰᠡᠨ ᠡᠴᠡ ᠤᠯᠪᠠᠭᠠᠯᠠᠨ ᠤᠯᠤᠰ ᠲᠥᠷᠦᠴᠢᠳ᠂ ᠲᠥᠷᠥ ᠶᠢᠨ ᠠᠯᠪᠠᠨ ᠬᠠᠭᠠᠭᠴᠢᠳ᠂ ᠲᠡᠳᠡᠨ ᠦ ᠬᠠᠮᠢᠶᠠᠷᠤᠯ ᠪᠦᠬᠦᠢ ᠡᠲᠡᠭᠡᠳ ᠦᠳ ᠣᠹᠹᠱᠣᠷ ᠲᠤ ᠳᠠᠩᠰᠠ ᠡᠵᠡᠮᠰᠢᠭᠰᠡᠨ ᠲᠣᠬᠢᠶᠠᠯᠳᠤᠯ ᠤᠳ ᠪᠠᠶᠢᠭ᠎ᠠ ᠲᠤᠯᠠ ᠣᠯᠠᠨ ᠤᠯᠤᠰ ᠲᠤ ᠮᠥᠷᠳᠡᠳᠡᠭ ᠵᠢᠱᠢᠭ ᠢᠶᠡᠷ ᠡᠬᠢᠨ ᠦ ᠤᠳᠠᠭ᠎ᠠ ᠳᠤ ᠲᠡᠳᠡᠨ ᠳᠥ ᠠᠭᠤᠴᠢ ᠰᠡᠳᠬᠢᠯ ᠢᠶᠡᠷ ᠬᠠᠨᠳᠤᠵᠤ᠂ ᠣᠹᠹᠱᠣᠷ ᠳᠠᠩᠰᠠᠨ ᠠᠴᠠ ᠨᠡᠩ ᠳᠠᠷᠤᠢ ᠮᠥᠩᠭᠥ ᠪᠡᠨ ᠲᠠᠲᠠᠵᠤ᠂ ᠮᠣᠩᠭ᠋ᠤᠯ ᠤᠯᠤᠰ ᠲᠤ ᠪᠠᠨ ᠣᠷᠣᠭᠤᠯᠵᠤ ᠢᠷᠡᠬᠦ ᠶᠢ ᠤᠷᠢᠶᠠᠯᠠᠬᠤ ᠨᠢ ᠵᠦᠢᠲᠡᠢ ᠬᠡᠮᠡᠨ ᠦᠵᠡᠵᠦ ᠪᠠᠶᠢᠨ᠎ᠠ᠃
ᠮᠣᠩᠭ᠋ᠤᠯ ᠤᠯᠤᠰ ᠤᠨ ᠶᠡᠷᠦᠩᠬᠡᠢᠢᠯᠡᠭᠴᠢ ᠬᠠ᠂ᠪᠠᠲᠤᠲᠤᠯᠭ᠎ᠠ ᠮᠢᠨᠦ ᠪᠡᠶ᠎ᠡ ᠣᠹᠹᠱᠣᠷ ᠪᠥᠰᠡ ᠳᠤ ᠳᠠᠩᠰᠠ ᠲᠠᠢ ᠤᠯᠤᠰ ᠲᠥᠷᠦᠴᠢᠳ᠂ ᠲᠥᠷᠥ ᠶᠢᠨ ᠠᠯᠪᠠᠨ ᠬᠠᠭᠠᠭᠴᠢᠳ᠂ ᠲᠡᠳᠡᠨ ᠦ ᠬᠠᠮᠢᠶᠠᠷᠤᠯ ᠪᠦᠬᠦᠢ ᠡᠲᠡᠭᠡᠳ ᠦᠳ ᠲᠦ ᠬᠠᠨᠳᠤᠨ 2017 ᠣᠨ ᠤ ᠳᠣᠯᠣᠳᠤᠭᠠᠷ ᠰᠠᠷ᠎ᠠ ᠶᠢᠨ 24 ᠍ ᠦ ᠡᠳᠦᠷ ᠡᠴᠡ ᠬᠣᠶᠢᠰᠢ 49 ᠬᠣᠨᠣᠭ ᠤᠨ ᠳᠣᠲᠣᠷ᠎ᠠ ᠣᠹᠹᠱᠣᠷ ᠳᠠᠩᠰᠠ ᠪᠠᠨ ᠬᠠᠭᠠᠵᠤ᠂ ᠲᠡᠨᠳᠡ ᠪᠠᠶᠢᠷᠢᠰᠢᠭᠤᠯᠤᠭᠰᠠᠨ ᠮᠥᠩᠭᠥᠨ ᠬᠥᠷᠥᠩᠭᠡ ᠪᠡᠨ ᠮᠣᠩᠭ᠋ᠤᠯ ᠤᠨ ᠪᠠᠩᠬᠢᠨ ᠳᠤ ᠣᠷᠣᠭᠤᠯᠵᠤ ᠢᠷᠡᠬᠦ ᠶᠢ ᠤᠷᠢᠶᠠᠯᠠᠵᠤ ᠪᠠᠶᠢᠨ᠎ᠠ᠃
ᠳᠤᠷᠠᠳᠤᠭᠰᠠᠨ ᠬᠤᠭᠤᠴᠠᠭᠠᠨ ᠳᠤ ᠮᠣᠩᠭ᠋ᠤᠯ ᠤᠨ ᠪᠠᠩᠬᠢ ᠨᠤᠭᠤᠳ ᠤᠷᠤᠭᠤ ᠲᠠᠲᠠᠭᠳᠠᠭ᠎ᠠ ᠦᠭᠡᠢ ᠮᠥᠩᠭᠥᠨ ᠬᠥᠷᠥᠩᠭᠡ᠂ ᠲᠡᠭᠦᠨ ᠢ ᠡᠵᠡᠮᠰᠢᠭᠴᠢᠳ ᠦᠨ ᠠᠰᠠᠭᠤᠳᠠᠯ ᠢ ᠬᠣᠯᠪᠣᠭᠳᠠᠬᠤ ᠬᠠᠤᠯᠢ ᠶᠢᠨ ᠳᠠᠭᠠᠭᠤ ᠢᠯᠡᠷᠡᠭᠦᠯᠦᠨ ᠢᠯᠡᠴᠢᠯᠡᠵᠦ᠂ ᠵᠣᠬᠢᠬᠤ ᠬᠠᠷᠢᠭᠤᠴᠠᠯᠭ᠎ᠠ ᠬᠦᠯᠢᠶᠡᠯᠭᠡᠬᠦ ᠨᠢ ᠰᠢᠳᠤᠷᠭᠤ ᠶᠣᠰᠣᠨ ᠳᠤ ᠨᠡᠶᠢᠴᠡᠨ᠎ᠡ ᠬᠡᠮᠡᠨ ᠦᠵᠡᠵᠦ ᠪᠠᠶᠢᠨ᠎ᠠ᠃
2017 ᠣᠨ ᠤ 7 ᠳ᠋ᠤᠭᠠᠷ ᠰᠠᠷ᠎ᠠ ᠶᠢᠨ 24