Та "Internet explorer"-ийн сүүлийн хувилбар болох "Microsoft edge"-г ашиглана уу

Хэрэв "Microsoft edge"-г татах бол энд дарж татаж авна уу

ᠬᠤᠷᠳᠤᠨ ᠮᠣᠷᠢᠨ ᠤ ᠤᠨᠤᠭᠠᠴᠢ ᠬᠡᠦᠬᠡᠳ ᠦᠳ ᠲᠦ ᠪᠠᠶᠠᠷ ᠬᠦᠷᠭᠡᠵᠦ᠂ ᠭᠠᠷ ᠤᠨ ᠪᠡᠯᠡᠭ ᠭᠠᠷᠳᠠᠭᠤᠯᠤᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠲᠤᠯᠭᠤᠷ ᠲᠥᠷᠥ ᠢᠢᠨ 2228᠂ ᠶᠡᠬᠡ ᠮᠣᠩ᠋ᠭᠣᠯ ᠤᠯᠤᠰ ᠤᠨ 813᠂ ᠠᠷᠠᠳ ᠤᠨ ᠬᠤᠪᠢᠰᠬᠠᠯ ᠤᠨ 98 ᠵᠢᠯ ᠦᠨ ᠣᠢ᠂ ᠦᠨᠳᠦᠰᠦᠨ ᠦ ᠶᠡᠬᠡ ᠪᠠᠶᠠᠷ ᠨᠠᠭᠠᠳᠤᠮ ᠢᠶᠠᠷ ᠠᠵᠢᠷᠭ᠎ᠠ᠂ ᠶᠡᠬᠡ ᠨᠠᠰᠤ᠂ ᠰᠣᠶᠣᠭᠠᠯᠠᠩ᠂ ᠬᠢᠵᠠᠯᠠᠩ᠂ ᠰᠢᠳᠦᠯᠡᠩ᠂ ᠳᠠᠭ᠎ᠠ ᠨᠠᠰᠤᠨ ᠤ ᠬᠤᠷᠳᠤᠨ ᠮᠣᠷᠢᠨ ᠤ ᠤᠷᠤᠯᠳᠤᠭᠠᠨ ᠳᠤ ᠤᠨᠠᠭᠰᠠᠨ ᠬᠦᠯᠦᠭ ᠢᠶᠡᠨ ᠲᠦᠷᠦᠭᠦᠦ ᠮᠠᠩᠨᠠᠢ᠂ ᠠᠮᠠᠨ ᠬᠦᠵᠦᠭᠦᠨ ᠳᠥ ᠤᠷᠤᠯᠳᠤᠭᠤᠯᠵᠤ᠂ ᠠᠢᠢᠷᠠᠭᠳᠠᠭᠤᠯᠤᠭᠰᠠᠨ ᠤᠨᠤᠭᠠᠴᠢ ᠬᠡᠦᠬᠡᠳ ᠦᠳ ᠲᠥ ᠭᠠᠷ ᠤᠨ ᠪᠡᠯᠡᠭ ᠢᠶᠡᠨ ᠭᠠᠷᠳᠠᠭᠤᠯᠤᠯ᠎ᠠ᠃

ᠲᠥᠷᠥ ᠢᠢᠨ ᠲᠡᠷᠢᠭᠦᠨ ᠤᠨᠤᠭᠠᠴᠢ ᠬᠡᠦᠬᠡᠳ ᠦᠳ ᠲᠥ ᠪᠠᠶᠠᠷ ᠬᠦᠷᠭᠡᠵᠦ᠂ ᠠᠮᠵᠢᠯᠲᠠ ᠬᠦᠰᠡᠨ ᠢᠷᠦᠭᠡᠪᠡ᠃