Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠠᠮᠧᠷᠢᠺᠠ ᠢᠢᠨ ᠨᠢᠭᠡᠳᠦᠭᠰᠡᠨ ᠤᠯᠤᠰ ᠲᠤ ᠠᠢᠢᠯᠴᠢᠯᠠᠬᠤ ᠪᠠᠷ ᠡᠬᠡ ᠣᠷᠣᠨ ᠠᠴᠠ ᠪᠠᠨ ᠮᠣᠷᠳᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠠᠮᠧᠷᠢᠺᠠ ᠢᠢᠨ ᠨᠢᠭᠡᠳᠦᠭᠰᠡᠨ ᠤᠯᠤᠰ ᠲᠤ ᠠᠢᠢᠯᠴᠢᠯᠠᠬᠤ ᠪᠠᠷ ᠥᠨᠥᠳᠥᠷ ᠡᠬᠡ ᠣᠷᠣᠨ ᠠᠴᠠ ᠪᠠᠨ ᠮᠣᠷᠳᠠᠯ᠎ᠠ᠃

ᠠᠢᠢᠯᠴᠢᠯᠠᠯ ᠤᠨ ᠬᠦᠷᠢᠶᠡᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠠᠮᠧᠷᠢᠺᠠ ᠢᠢᠨ ᠨᠢᠭᠡᠳᠦᠭᠰᠡᠨ ᠤᠯᠤᠰ ᠤᠨ ᠶᠡᠷᠦᠩᠬᠡᠢᠢᠯᠡᠭᠴᠢ ᠳ᠋ᠤᠨᠠᠯᠳ᠋ ᠲᠷᠠᠮᠫ ᠨᠠᠷ ᠴᠠᠭᠠᠨ ᠣᠷᠳᠣᠨ ᠳᠤ ᠭᠠᠭᠴᠠᠭᠠᠷᠴᠢᠯᠠᠭᠰᠠᠨ ᠠᠭᠤᠯᠵᠠᠯᠲᠠ ᠬᠢᠵᠦ᠂ ᠥᠷᠭᠡᠳᠬᠡᠭ᠍ᠰᠡᠨ ᠬᠡᠯᠡᠯᠴᠡᠭᠡ ᠬᠢᠬᠦ ᠪᠡᠷ ᠲᠥᠯᠥᠪᠯᠡᠵᠦ ᠪᠠᠢᠢᠨ᠎ᠠ᠃

ᠮᠥᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠠᠮᠧᠷᠢᠺᠠ ᠢᠢᠨ ᠨᠢᠭᠡᠳᠦᠭᠰᠡᠨ ᠤᠯᠤᠰ ᠤᠨ ᠺᠣᠩᠷᠧᠰ ᠲᠤ ᠡᠷᠭᠦᠨ ᠪᠠᠷᠢᠭᠰᠠᠨ ᠭᠤᠷᠪᠠᠳᠠᠭᠴᠢ ᠬᠥᠷᠰᠢ ᠢᠢᠨ ᠬᠤᠳᠠᠯᠳᠤᠭᠠᠨ ᠤ ᠬᠠᠤᠯᠢ ᠢᠢᠨ ᠠᠰᠠᠭᠤᠳᠠᠯ ᠢᠶᠠᠷ ᠲᠤᠰ ᠤᠯᠤᠰ ᠤᠨ ᠬᠠᠤᠯᠢ ᠲᠣᠭᠲᠠᠭᠠᠬᠤ ᠪᠠᠢᠢᠭᠤᠯᠤᠯᠭ᠎ᠠ ᠢᠢᠨ ᠲᠥᠯᠥᠭᠡᠯᠡᠭᠴᠢᠳ ᠲᠡᠢ ᠠᠭᠤᠯᠵᠠᠵᠤ᠂ ᠶᠠᠷᠢᠯᠴᠠᠬᠤ ᠶᠤᠮ᠃

ᠠᠢᠢᠯᠴᠢᠯᠠᠯ ᠤᠨ ᠦᠶ᠎ᠡ ᠪᠡᠷ ᠰᠲ᠋ᠷᠠᠲ᠋ᠧᠭᠢ᠂ ᠣᠯᠠᠨ ᠤᠯᠤᠰ ᠰᠤᠳᠤᠯᠤᠯ ᠤᠨ ᠬᠦᠷᠢᠶᠡᠯᠡᠩ ᠳᠥ ᠮᠣᠩ᠋ᠭᠣᠯ-ᠠᠮᠧᠷᠢᠺᠠ ᠢᠢᠨ ᠨᠢᠭᠡᠳᠦᠭᠰᠡᠨ ᠤᠯᠤᠰ ᠤᠨ ᠬᠠᠷᠢᠯᠴᠠᠭᠠᠨ ᠤ ᠠᠰᠠᠭᠤᠳᠠᠯ ᠢᠶᠠᠷ ᠢᠯᠡᠳᠬᠡᠯ ᠲᠠᠯᠪᠢᠭᠰᠠᠨ ᠤ ᠪᠠᠨ ᠳᠠᠷᠠᠭ᠎ᠠ ᠲᠤᠰ ᠤᠯᠤᠰ ᠲᠤ ᠠᠵᠢᠯᠯᠠᠵᠤ ᠠᠮᠢᠳᠤᠷᠠᠵᠤ ᠪᠠᠢᠢᠭ᠎ᠠ ᠮᠣᠩ᠋ᠭᠣᠯ ᠤᠯᠤᠰ ᠤᠨ ᠢᠷᠭᠡᠳ ᠲᠡᠢ ᠠᠭᠤᠯᠵᠠᠬᠤ ᠪᠠᠷ ᠲᠥᠯᠥᠪᠯᠡᠵᠦ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢ ᠳᠠᠭᠠᠯᠳᠤᠨ ᠤᠯᠤᠰ ᠤᠨ ᠶᠡᠬᠡ ᠬᠤᠷᠠᠯ ᠢᠢᠨ ᠭᠡᠰᠢᠭᠦᠨ᠂ ᠭᠠᠳᠠᠭᠠᠳᠤ ᠬᠠᠷᠢᠯᠴᠠᠭᠠᠨ ᠤ ᠰᠠᠢᠢᠳ ᠲ ∙ ᠴᠣᠭᠲᠤᠪᠠᠭᠠᠲᠤᠷ᠂ ᠤᠯᠤᠰ ᠤᠨ ᠶᠡᠬᠡ ᠬᠤᠷᠠᠯ ᠤᠨ ᠨᠡᠢᠢᠭᠡᠮ ᠤᠨ ᠪᠣᠳᠣᠯᠭ᠎ᠠ᠂ ᠪᠣᠯᠪᠠᠰᠤᠷᠠᠯ᠂ ᠰᠤᠶᠤᠯ᠂ ᠰᠢᠨᠵᠢᠯᠡᠬᠦ ᠤᠬᠠᠭᠠᠨ ᠤ ᠪᠠᠢᠢᠩ᠋ᠭᠤ ᠢᠢᠨ ᠬᠣᠷᠢᠶᠠᠨ ᠤ ᠳᠠᠷᠤᠭ᠎ᠠ ᠲ ∙ ᠣᠶᠤᠨᠬᠣᠷᠯᠤ᠂ ᠤᠯᠤᠰ ᠤᠨ ᠶᠡᠬᠡ ᠬᠤᠷᠠᠯ ᠢᠢᠨ ᠭᠡᠰᠢᠭᠦᠨ ᠵ ∙ ᠨᠠᠷᠠᠨᠲᠤᠶᠠᠭ᠎ᠠ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ᠂ ᠦᠨᠳᠦᠰᠦᠨ ᠦ ᠠᠶᠤᠯ ᠦᠭᠡᠢ ᠪᠠᠢᠢᠳᠠᠯ ᠤᠨ ᠵᠥᠪᠯᠡᠯ ᠦᠨ ᠨᠠᠷᠢᠨ ᠪᠢᠴᠢᠭ᠌ ᠦᠨ ᠳᠠᠷᠤᠭ᠎ᠠ ᠠ᠊ ∙ ᠭᠠᠩᠰᠦ᠋ᠬᠡ ᠨᠠᠷ ᠤᠨ ᠠᠯᠪᠠᠨ ᠶᠣᠰᠣᠨ ᠤ ᠲᠥᠯᠥᠭᠡᠯᠡᠭᠴᠢᠳ ᠶᠠᠪᠤᠵᠤ ᠪᠠᠢᠢᠨ᠎ᠠ᠃