ᠠᠮᠧᠷᠢᠺᠠ ᠢᠢᠨ ᠨᠢᠭᠡᠳᠦᠭᠰᠡᠨ ᠤᠯᠤᠰ ᠲᠤ ᠠᠢᠢᠯᠴᠢᠯᠠᠵᠤ ᠪᠤᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠪᠤᠶᠤ ᠳᠣᠯᠣᠭᠠᠳᠤᠭᠠᠷ ᠰᠠᠷ᠎ᠠ ᠢᠢᠨ 31 ᠍ ᠦ ᠡᠳᠦᠷ ᠠᠮᠧᠷᠢᠺᠠ ᠢᠢᠨ ᠨᠢᠭᠡᠳᠦᠭᠰᠡᠨ ᠤᠯᠤᠰ ᠤᠨ ᠶᠡᠷᠦᠩᠬᠡᠢᠢᠯᠡᠭᠴᠢ ᠳ᠋ᠤᠨᠠᠯᠳ᠋ ᠲᠷᠠᠮᠫᠠ ᠲᠠᠢ ᠭᠠᠭᠴᠠᠭᠠᠷᠴᠢᠯᠠᠭᠰᠠᠨ ᠠᠭᠤᠯᠵᠠᠯᠲᠠ᠂ ᠠᠯᠪᠠᠨ ᠶᠣᠰᠣᠨ ᠤ ᠬᠡᠯᠡᠯᠴᠡᠭᠡ ᠬᠢᠬᠦ ᠪᠡᠷ ᠴᠠᠭᠠᠨ ᠣᠷᠳᠣᠨ ᠳᠤ ᠬᠦᠷᠦᠯᠴᠡᠨ ᠣᠴᠢᠯ᠎ᠠ᠃
ᠲᠥᠷᠥ ᠢᠢᠨ ᠲᠡᠷᠢᠭᠦᠨ ᠢ ᠴᠠᠭᠠᠨ ᠣᠷᠳᠣᠨ ᠳᠤ ᠬᠦᠷᠦᠯᠴᠡᠨ ᠢᠷᠡᠮᠡᠭᠴᠡ ᠠᠮᠧᠷᠢᠺᠠ ᠢᠢᠨ ᠨᠢᠭᠡᠳᠦᠭᠰᠡᠨ ᠤᠯᠤᠰ ᠤᠨ ᠶᠡᠷᠦᠩᠬᠡᠢᠢᠯᠡᠭᠴᠢ ᠳ᠋ᠤᠨᠠᠯᠳ᠋ ᠰᠲᠷᠠᠮᠫ ᠤᠭᠲᠤᠨ ᠮᠡᠨᠳᠦᠴᠢᠯᠡᠵᠦ᠂ ᠲᠥᠷᠥ ᠢᠢᠨ ᠲᠡᠷᠢᠭᠦᠨ ᠨᠠᠷ ᠭᠠᠭᠴᠠᠭᠠᠷᠴᠢᠯᠠᠭᠰᠠᠨ ᠠᠭᠤᠯᠵᠠᠯᠲᠠ ᠬᠢᠬᠦ ᠪᠡᠷ ᠴᠠᠭᠠᠨ ᠣᠷᠳᠣᠨ ᠤ 《ᠵᠤᠤᠪᠠᠩ》 ᠲᠠᠩᠬᠢᠮ ᠪᠤᠶᠤ ᠠᠮᠧᠷᠢᠺᠠ ᠢᠢᠨ ᠨᠢᠭᠡᠳᠦᠭᠰᠡᠨ ᠤᠯᠤᠰ ᠤᠨ ᠶᠡᠷᠦᠩᠬᠡᠢᠢᠯᠡᠭᠴᠢ ᠢᠢᠨ ᠠᠵᠢᠯ ᠤᠨ ᠥᠷᠥᠭᠡ ᠢᠢ ᠵᠣᠷᠢᠭᠰᠠᠨ ᠶᠤᠮ᠃
ᠭᠠᠭᠴᠠᠭᠠᠷᠴᠢᠯᠠᠭᠰᠠᠨ ᠠᠭᠤᠯᠵᠠᠯᠲᠠ 40 ᠣᠷᠴᠢᠮ ᠮᠢᠨᠦ᠋ᠲ ᠦᠷᠭᠦᠯᠵᠢᠯᠡᠭᠰᠡᠨ ᠦ ᠳᠠᠷᠠᠭ᠎ᠠ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠂ ᠠᠮᠧᠷᠢᠺᠠ ᠢᠢᠨ ᠨᠢᠭᠡᠳᠦᠭᠰᠡᠨ ᠤᠯᠤᠰ ᠤᠨ ᠶᠡᠷᠦᠩᠬᠡᠢᠢᠯᠡᠭᠴᠢ ᠳ᠋ᠤᠨᠠᠯᠳ᠋ ᠲᠷᠠᠮᠫ ᠨᠠᠷ ᠠᠯᠪᠠᠨ ᠶᠣᠰᠣᠨ ᠤ ᠬᠡᠯᠡᠯᠴᠡᠭᠡ ᠬᠢᠪᠡ᠃