Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠠᠮᠧᠷᠢᠺᠠ ᠢᠢᠨ ᠨᠢᠭᠡᠳᠦᠭᠰᠡᠨ ᠤᠯᠤᠰ ᠤᠨ ᠶᠡᠷᠦᠩᠬᠡᠢᠢᠯᠡᠭᠴᠢ ᠳ᠋ᠤᠨᠠᠯᠳ᠋ ᠲᠷᠠᠮᠫ ᠨᠠᠷ ᠠᠯᠪᠠᠨ ᠶᠣᠰᠣᠨ ᠤ ᠬᠡᠯᠡᠯᠴᠡᠭᠡ ᠬᠢᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠂ ᠠᠮᠧᠷᠢᠺᠠ ᠢᠢᠨ ᠨᠢᠭᠡᠳᠦᠭᠰᠡᠨ ᠤᠯᠤᠰ ᠤᠨ ᠶᠡᠷᠦᠩᠬᠡᠢᠢᠯᠡᠭᠴᠢ ᠳ᠋ᠤᠨᠠᠯᠳ᠋ ᠲᠷᠠᠮᠫ ᠨᠠᠷ ᠳᠣᠯᠣᠳᠤᠭᠠᠷ ᠰᠠᠷ᠎ᠠ ᠢᠢᠨ 31 ᠍ ᠦ ᠡᠳᠦᠷ ᠴᠠᠭᠠᠨ ᠣᠷᠳᠣᠨ ᠳᠤ ᠠᠯᠪᠠᠨ ᠶᠣᠰᠣᠨ ᠤ ᠬᠡᠯᠡᠯᠴᠡᠭᠡ ᠬᠢᠯ᠎ᠡ᠃

ᠬᠡᠯᠡᠯᠴᠡᠭᠡᠨ ᠳᠥ᠂ ᠮᠣᠩ᠋ᠭᠣᠯ ᠤᠨ ᠲᠠᠯ᠎ᠠ ᠠᠴᠠ ᠭᠠᠳᠠᠭᠠᠳᠤ ᠬᠠᠷᠢᠯᠴᠠᠭᠠᠨ ᠤ ᠰᠠᠢᠢᠳ ᠲ ∙ ᠴᠣᠭᠲᠤᠪᠠᠭᠠᠲᠤᠷ᠂ ᠤᠯᠤᠰ ᠤᠨ ᠶᠡᠬᠡ ᠬᠤᠷᠠᠯ ᠤᠨ ᠨᠡᠢᠢᠭᠡᠮ ᠦᠨ ᠪᠣᠳᠣᠯᠭ᠎ᠠ᠂ ᠪᠣᠯᠪᠠᠰᠤᠷᠠᠯ᠂ ᠰᠣᠶᠣᠯ᠂ ᠰᠢᠨᠵᠢᠯᠡᠬᠦ ᠤᠬᠠᠭᠠᠨ ᠤ ᠪᠠᠢᠢᠩ᠋ᠭᠤ ᠢᠢᠨ ᠬᠣᠷᠢᠶᠠᠨ ᠤ ᠳᠠᠷᠤᠭ᠎ᠠ ᠲ ∙ ᠣᠶᠤᠨᠬᠣᠷᠯᠤ᠂ ᠤᠯᠤᠰ ᠤᠨ ᠶᠡᠬᠡ ᠬᠤᠷᠠᠯ ᠢᠢᠨ ᠭᠡᠰᠢᠭᠦᠨ ᠵ ∙ ᠨᠠᠷᠠᠨᠲᠤᠶᠠᠭ᠎ᠠ᠂ ᠮᠣᠩ᠋ᠭᠣᠯ ᠤᠯᠤᠰ ᠠᠴᠠ ᠠᠮᠧᠷᠢᠺᠠ ᠢᠢᠨ ᠨᠢᠭᠡᠳᠦᠭᠰᠡᠨ ᠤᠯᠤᠰ ᠲᠤ ᠰᠠᠭᠤᠭ᠎ᠠ ᠣᠨᠴᠠ ᠪᠥᠭᠡᠳ ᠪᠥᠷᠢᠨ ᠡᠷᠬᠡ ᠡᠯᠴᠢᠨ ᠰᠠᠢᠢᠳ ᠶᠣ᠊ ∙ ᠣᠳᠬᠣᠨᠪᠠᠶᠠᠷ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ᠂ ᠦᠨᠳᠦᠰᠦᠨ ᠦ ᠠᠶᠤᠯ ᠦᠭᠡᠢ ᠪᠠᠢᠢᠳᠠᠯ ᠤᠨ ᠵᠥᠪᠯᠡᠯ ᠦᠨ ᠨᠠᠷᠢᠨ ᠪᠢᠴᠢᠭ᠌ ᠦᠨ ᠳᠠᠷᠤᠭ᠎ᠠ ᠠ᠊ ∙ ᠭᠠᠩᠰᠦ᠋ᠬᠡ ᠲᠡᠷᠢᠭᠦᠲᠡᠢ ᠠᠯᠪᠠᠨ ᠶᠣᠰᠣᠨ ᠤ ᠲᠥᠯᠦᠭᠡᠯᠡᠭᠴᠢᠳ ᠣᠷᠣᠯᠴᠠᠪᠠ᠃

ᠠᠮᠧᠷᠢᠺᠠ ᠢᠢᠨ ᠨᠢᠭᠡᠳᠦᠭᠰᠡᠨ ᠤᠯᠤᠰ ᠢᠢᠨ ᠲᠠᠯ᠎ᠠ ᠠᠴᠠ ᠲᠤᠰ ᠤᠯᠤᠰ ᠤᠨ ᠳᠡᠳ᠋ ᠶᠡᠷᠦᠩᠬᠡᠢᠢᠯᠡᠭᠴᠢ ᠮᠠᠢᠢᠺ ᠫᠧᠨ᠋ᠰ᠂ ᠠᠮᠧᠷᠢᠺᠠ ᠢᠢᠨ ᠨᠢᠭᠡᠳᠦᠭᠰᠡᠨ ᠤᠯᠤᠰ ᠤᠨ ᠶᠡᠷᠦᠩᠬᠡᠢᠢᠯᠡᠭᠴᠢ ᠢᠢᠨ ᠦᠨᠳᠦᠰᠦᠨ ᠦ ᠠᠶᠤᠯ ᠦᠭᠡᠢ ᠪᠠᠢᠢᠳᠠᠯ ᠤᠨ ᠵᠦᠪᠯᠡᠬᠦ ᠵ ∙ ᠪᠣᠯᠲ᠋ᠣᠠᠨ᠂ ᠦᠨᠳᠦᠰᠦᠨ ᠦ ᠡᠳ᠋ ᠍ ᠦᠨ ᠵᠠᠰᠠᠭ ᠤᠨ ᠵᠥᠪᠯᠡᠯ ᠦᠨ ᠳᠠᠷᠤᠭ᠎ᠠ ᠯᠠᠷᠷᠢ ᠺᠦᠳ᠋ᠯᠣᠸ᠂ ᠠᠮᠧᠷᠢᠺᠠ ᠢᠢᠨ ᠨᠢᠭᠡᠳᠦᠭᠰᠡᠨ ᠤᠯᠤᠰ ᠤᠨ ᠪᠠᠲᠤᠯᠠᠨ ᠬᠠᠮᠠᠭᠠᠯᠠᠬᠤ ᠢᠢᠨ ᠰᠠᠢᠢᠳ ᠮᠠᠷᠺ ᠡᠰᠫᠧᠷ᠂ ᠠᠮᠧᠷᠢᠺᠠ ᠢᠢᠨ ᠨᠢᠭᠡᠳᠦᠭᠰᠡᠨ ᠤᠯᠤᠰ ᠢᠢᠨ ᠣᠯᠠᠨ ᠤᠯᠤᠰ ᠤᠨ ᠬᠥᠭ᠍ᠵᠢᠯ ᠦᠨ ᠠᠭᠧᠨᠲ᠋ᠯᠢᠭ ᠤᠨ ᠵᠠᠬᠢᠷᠤᠭᠴᠢ ᠮᠠᠷᠺ ᠭᠷᠢᠢᠨ ᠪᠣᠯᠤᠨ ᠺᠣᠩᠷᠧᠰᠰ ᠤᠨ ᠵᠠᠷᠢᠮ ᠭᠡᠰᠢᠭᠦᠨ ᠣᠷᠣᠯᠴᠠᠯ᠎ᠠ᠃

ᠬᠡᠯᠡᠯᠴᠡᠭᠡᠨ ᠦ ᠡᠬᠢᠨ ᠳᠥ ᠠᠮᠧᠷᠢᠺᠠ ᠢᠢᠨ ᠨᠢᠭᠡᠳᠦᠭᠰᠡᠨ ᠤᠯᠤᠰ ᠤᠨ ᠶᠡᠷᠦᠩᠬᠡᠢᠢᠯᠡᠭᠴᠢ ᠳ᠋ᠤᠨᠠᠯᠳ᠋ ᠲᠷᠠᠮᠫ 《ᠮᠣᠩ᠋ᠭᠣᠯ ᠢ ᠭᠠᠢᠢᠬᠠᠯᠲᠠᠢ ᠲᠡᠮᠡᠴᠡᠭᠴᠢ ᠢᠷᠭᠡᠳ ᠲᠡᠢ ᠤᠯᠤᠰ ᠬᠡᠮᠡᠨ ᠪᠣᠳᠣᠳᠠᠭ》 ᠭᠡᠳ ᠭᠠᠭᠴᠠᠭᠠᠷᠴᠢᠯᠠᠭᠰᠠᠨ ᠠᠭᠤᠯᠵᠠᠯᠲᠠ ᠪᠠᠷ ᠮᠣᠩ᠋ᠭᠣᠯ ᠤᠨ ᠨᠣᠯᠣᠤᠷ ᠪᠦᠲᠦᠭᠡᠭ᠍ᠳᠡᠬᠦᠨ ᠦ ᠲᠠᠯ᠎ᠠ ᠪᠠᠷ ᠭᠠᠢᠢᠬᠠᠯᠲᠠᠢ ᠶᠠᠷᠢᠶ᠎ᠠ ᠥᠷᠨᠢᠭᠦᠯᠦᠭᠰᠡᠨ᠂ ᠬᠣᠯᠪᠣᠭᠳᠠᠬᠤ ᠠᠯᠪᠠᠨ ᠤ ᠬᠦᠮᠦᠰ ᠲᠥ ᠪᠡᠨ ᠡᠭᠦᠷᠭᠡ᠂ ᠴᠢᠭᠯᠡᠯ ᠥᠭᠴᠦ ᠡᠨᠡ ᠠᠰᠠᠭᠤᠳᠠᠯ ᠢᠶᠠᠷ ᠦᠷᠭᠦᠯᠵᠢᠯᠡᠭᠦᠯᠦᠨ ᠶᠠᠷᠢᠯᠴᠠᠨ᠎ᠠ ᠭᠡᠰᠡᠨ ᠶᠤᠮ᠃

ᠮᠣᠩ᠋ᠭᠣᠯ ᠤᠨ ᠨᠣᠣᠰᠣ᠂ ᠨᠣᠯᠣᠤᠷ ᠪᠦᠲᠦᠭᠡᠭ᠍ᠳᠡᠬᠦᠨ ᠢ ᠠᠮᠧᠷᠢᠺᠠ ᠢᠢᠨ ᠨᠢᠭᠡᠳᠦᠭᠰᠡᠨ ᠤᠯᠤᠰ ᠢᠢᠨ ᠵᠠᠬ᠎ᠠ ᠵᠡᠭᠡᠯᠢ ᠳᠥ ᠲᠠᠲᠠᠪᠤᠷᠢ ᠦᠭᠡᠢ ᠡᠺᠰᠫᠣᠷᠲ᠋ᠯᠠᠬᠤ ᠵᠣᠷᠢᠯᠭ᠎ᠠ ᠪᠦᠬᠦᠢ ᠭᠤᠷᠪᠠᠳᠠᠭᠴᠢ ᠬᠥᠷᠰᠢ ᠢᠢᠨ ᠬᠤᠳᠠᠯᠳᠤᠭᠠᠨ ᠤ ᠲᠤᠬᠠᠢ ᠬᠠᠤᠯᠢ ᠢᠢ ᠲᠤᠰ ᠤᠯᠤᠰ ᠤᠨ ᠺᠣᠩᠷᠧᠰ ᠲᠤ ᠲᠧᠳ᠋ ᠢᠣᠾᠣ᠋ ᠲᠡᠷᠢᠭᠦᠲᠡᠢ 40 ᠭᠠᠷᠤᠢ ᠭᠡᠰᠢᠭᠦᠨ ᠡᠷᠭᠦᠨ ᠪᠠᠷᠢᠭᠰᠠᠨ ᠪᠥᠭᠡᠳ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠬᠠᠤᠯᠢ ᠢᠢᠨ ᠲᠥᠰᠥᠯ ᠢ ᠪᠦᠷᠢᠨ ᠳᠡᠮᠵᠢᠵᠦ ᠪᠠᠢᠢᠭ᠎ᠠ ᠭᠡᠳᠡᠭ ᠢᠶᠡᠨ᠂ ᠮᠥᠨ ᠬᠣᠶᠠᠷ ᠲᠠᠯ᠎ᠠ ᠢᠢᠨ ᠲᠥᠷᠥ ᠢᠢᠨ ᠲᠡᠷᠢᠭᠦᠨ ᠨᠠᠷ ᠤᠨ ᠵᠦᠭ ᠡᠴᠡ ᠳᠡᠮᠵᠢᠯᠭᠡ ᠦᠵᠡᠭᠦᠯᠬᠦ ᠬᠡᠷᠡᠭᠲᠡᠢ ᠭᠡᠰᠡᠨ ᠪᠠᠢᠢᠷᠢ ᠰᠠᠭᠤᠷᠢ ᠪᠠᠨ ᠪᠠᠲᠤ ᠲᠠᠢ ᠢᠯᠡᠷᠬᠡᠢᠢᠯᠡᠵᠦ᠂ ᠳᠡᠮᠵᠢᠯᠭᠡ ᠬᠦᠰᠡᠭᠰᠡᠨ ᠶᠤᠮ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠮᠥᠨ ᠬᠡᠯᠡᠯᠴᠡᠭᠡᠨ ᠦ ᠦᠶ᠎ᠡ ᠪᠡᠷ ᠬᠣᠶᠠᠷ ᠤᠯᠤᠰ ᠪᠠᠲᠤᠯᠠᠨ ᠬᠠᠮᠠᠭᠠᠯᠠᠬᠤ᠂ ᠰᠤᠶᠤᠯ᠂ ᠬᠦᠮᠦᠨᠯᠢᠭ ᠦᠨ ᠰᠠᠯᠪᠤᠷᠢ ᠳᠤ ᠨᠢᠭ᠌ᠲᠠ ᠬᠠᠮᠲᠤᠷᠠᠨ ᠠᠵᠢᠯᠯᠠᠵᠤ ᠪᠠᠢᠢᠭ᠎ᠠ ᠬᠡᠳᠦᠢ ᠴᠤ ᠬᠤᠳᠠᠯᠳᠤᠭᠠᠨ ᠤ ᠡᠷᠭᠢᠯᠲᠡ᠂ ᠡᠳ᠋ ᠍ ᠦᠨ ᠵᠠᠰᠠᠭ ᠤᠨ ᠬᠠᠷᠢᠯᠴᠠᠭ᠎ᠠ ᠮᠠᠭᠤ ᠪᠠᠢᠢᠭᠠᠳ ᠣᠨᠴᠣᠭᠣᠢᠢᠯᠠᠨ ᠠᠩᠬᠠᠷᠤᠯ ᠬᠠᠨᠳᠤᠭᠤᠯᠬᠤ ᠱᠠᠭᠠᠷᠳᠠᠯᠭ᠎ᠠ ᠲᠠᠢ ᠭᠡᠵᠦ ᠦᠵᠡᠵᠦ ᠪᠤᠢ ᠢᠢ ᠪᠠᠨ ᠢᠯᠡᠷᠬᠡᠢᠢᠯᠡᠯ᠎ᠡ᠃

ᠡᠳ᠋ ᠍ ᠦᠨ ᠵᠠᠰᠠᠭ ᠤᠨ ᠬᠠᠷᠢᠯᠴᠠᠭᠠᠨ ᠤ ᠳᠡᠭᠡᠷᠡᠬᠢ ᠠᠰᠠᠭᠤᠳᠠᠯ ᠢᠶᠠᠷ ᠬᠣᠶᠠᠷ ᠲᠠᠯ᠎ᠠ ᠦᠷᠭᠦᠯᠵᠢᠯᠡᠭᠦᠯᠦᠨ ᠶᠠᠷᠢᠯᠴᠠᠬᠤ ᠢᠢᠨ ᠵᠡᠷᠭᠡᠴᠡᠭᠡ ᠮᠣᠩ᠋ᠭᠣᠯ-ᠠᠮᠧᠷᠢᠺᠠ ᠢᠢᠨ ᠨᠢᠭᠡᠳᠦᠭᠰᠡᠨ ᠤᠯᠤᠰ ᠢᠢᠨ ᠠᠩᠬᠠᠨ ᠤ ᠳ᠋ᠢᠫᠯᠣᠮᠠᠲ ᠬᠠᠷᠢᠯᠴᠠᠭᠠᠨ ᠤ ᠲᠡᠦᠬᠡ ᠢᠢᠨ ᠲᠠᠯ᠎ᠠ ᠪᠠᠷ ᠬᠠᠯᠠᠭᠤᠨ ᠳᠣᠲᠣᠨᠣ ᠶᠠᠷᠢᠶ᠎ᠠ ᠥᠷᠨᠢᠭᠦᠯᠵᠦ᠂ ᠬᠡᠯᠡᠯᠴᠡᠭᠡᠨ ᠦ ᠲᠡᠭᠦᠰᠬᠡᠯ ᠳᠥ ᠮᠣᠩ᠋ᠭᠣᠯ ᠤᠯᠤᠰ᠂ ᠠᠮᠧᠷᠢᠺᠠ ᠢᠢᠨ ᠨᠢᠭᠡᠳᠦᠭᠰᠡᠨ ᠤᠯᠤᠰ ᠰᠲ᠋ᠷᠠᠲ᠋ᠧᠭᠢ ᠢᠢᠨ ᠲᠦᠩᠰᠢᠯᠡᠯ ᠦᠨ ᠲᠤᠬᠠᠢ ᠲᠤᠩᠬᠠᠭᠯᠠᠯ ᠭᠠᠷᠭᠠᠬᠤ ᠪᠠᠷ ᠪᠣᠯᠤᠯ᠎ᠠ᠃

ᠠᠭᠤᠯᠵᠠᠯᠲᠠ ᠢᠢᠨ ᠦᠶ᠎ᠡ ᠪᠡᠷ ᠠᠮᠧᠷᠢᠺᠠ ᠢᠢᠨ ᠨᠢᠭᠡᠳᠦᠭᠰᠡᠨ ᠤᠯᠤᠰ ᠤᠨ ᠳᠡᠳ᠋ ᠶᠡᠷᠦᠩᠬᠡᠢᠢᠯᠡᠭᠴᠢ ᠮᠠᠢᠢᠺ ᠫᠧᠨ᠋ᠰ ᠠᠮᠧᠷᠢᠺᠠ ᠢᠢᠨ ᠨᠢᠭᠡᠳᠦᠭᠰᠡᠨ ᠤᠯᠤᠰ ᠨᠢ ᠮᠣᠩ᠋ᠭᠣᠯ ᠤᠯᠤᠰ ᠤᠨ ᠭᠤᠷᠪᠠᠳᠠᠭᠴᠢ ᠲᠦᠩᠰᠢ ᠪᠠᠢᠢᠭᠠᠳ᠂ ᠮᠥᠨ ᠮᠣᠩ᠋ᠭᠣᠯ ᠤᠯᠤᠰ ᠤᠨ ᠵᠡᠪᠰᠡᠭᠲᠦ ᠬᠦᠴᠦᠨ ᠠᠹᠬ᠋ᠠᠨᠨᠢᠰᠲ᠋ᠠᠨ ᠤᠯᠤᠰ ᠲᠤ ᠡᠩᠬᠡ ᠲᠠᠢᠢᠪᠤᠩ ᠲᠣᠭᠲᠠᠭᠠᠬᠤ ᠦᠢᠯᠡᠰ ᠲᠥ ᠭᠠᠷ ᠪᠡᠶ᠎ᠡ ᠣᠷᠣᠯᠴᠠᠵᠤ ᠪᠠᠢᠢᠭ᠎ᠠ ᠶᠠᠪᠤᠳᠠᠯ ᠳᠤ ᠣᠨᠴᠠᠭᠠᠢᠢᠯᠠᠨ ᠲᠠᠯᠠᠷᠬᠠᠯ ᠢᠯᠡᠷᠬᠡᠢᠢᠯᠡᠭᠰᠡᠨ ᠶᠤᠮ᠃