Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠮᠣᠩ᠋ᠭᠣᠯ-ᠠᠮᠧᠷᠢᠺᠠ ᠢᠢᠨ ᠪᠢᠽᠢᠨ᠋᠋ᠧᠰ ᠡᠷᠬᠢᠯᠡᠭᠴᠢᠳ ᠲᠡᠢ ᠠᠭᠤᠯᠵᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠮᠣᠩ᠋ᠭᠣᠯ ᠤᠯᠤᠰ ᠲᠤ ᠬᠥᠷᠥᠩᠭᠡ ᠣᠷᠣᠭᠤᠯᠤᠭᠴᠢ᠂ ᠬᠥᠷᠥᠩᠭᠡ ᠤᠷᠤᠭᠤᠯᠬᠤ ᠰᠣᠨᠢᠷᠬᠠᠯ ᠲᠠᠢ ᠠᠮᠧᠷᠢᠺᠠ ᠢᠢᠨ ᠨᠢᠭᠡᠳᠦᠭᠰᠡᠨ ᠤᠯᠤᠰ ᠤᠨ ᠪᠢᠽᠢᠨ᠋᠋ᠧᠰ ᠡᠷᠬᠢᠯᠡᠭᠴᠢᠳ ᠪᠣᠯᠤᠨ ᠲᠤᠰ ᠤᠯᠤᠰ ᠤᠨ ᠲᠥᠷᠥ ᠢᠢᠨ ᠪᠠᠢᠢᠭᠤᠯᠤᠯᠭ᠎ᠠ ᠢᠢᠨ ᠲᠥᠯᠥᠭᠡᠯᠡᠭᠴᠢᠳ ᠲᠡᠢ ᠠᠵᠢᠯ ᠬᠡᠷᠡᠭᠴᠢ ᠠᠭᠤᠯᠵᠠᠯᠲᠠ ᠬᠢᠪᠡ᠃

ᠠᠮᠧᠷᠢᠺᠠ ᠢᠢᠨ ᠨᠢᠭᠡᠳᠦᠭᠰᠡᠨ ᠤᠯᠤᠰ ᠤᠨ ᠬᠥᠷᠥᠩᠭᠡ ᠣᠷᠣᠭᠤᠯᠤᠭᠴᠢᠳ ᠮᠣᠩ᠋ᠭᠣᠯ ᠤᠨ ᠡᠳ᠋ ᠍ ᠦᠨ ᠵᠠᠰᠠᠭ᠂ ᠬᠥᠷᠥᠩᠭᠡ ᠣᠷᠣᠭᠤᠯᠤᠯᠲᠠ ᠢᠢᠨ ᠣᠷᠴᠢᠨ ᠤ ᠲᠠᠯ᠎ᠠ ᠪᠠᠷ ᠲᠥᠷᠥ ᠢᠢᠨ ᠲᠡᠷᠢᠭᠦᠨ ᠡᠴᠡ ᠰᠣᠨᠢᠷᠬᠠᠭᠰᠠᠨ ᠠᠰᠠᠭᠤᠯᠲᠠ ᠪᠠᠨ ᠠᠰᠠᠭᠤᠵᠤ᠂ ᠢᠯᠡᠨ ᠳᠠᠯᠠᠩ ᠦᠭᠡᠢ ᠶᠠᠷᠢᠯᠴᠠᠭᠰᠠᠨ ᠶᠤᠮ᠃ ᠢᠯᠠᠩ᠋ᠭᠤᠶ᠎ᠠ᠂ ᠮᠣᠩ᠋ᠭᠣᠯ-ᠠᠮᠧᠷᠢᠺᠠ ᠢᠢᠨ ᠨᠢᠭᠡᠳᠦᠭᠰᠡᠨ ᠤᠯᠤᠰ ᠤᠨ ᠬᠠᠷᠢᠯᠴᠠᠭ᠎ᠠ ᠰᠢᠨ᠎ᠡ ᠲᠦᠪᠰᠢᠨ ᠳᠥ ᠭᠠᠷᠴᠤ ᠰᠲ᠋ᠷᠠᠲ᠋ᠧᠭᠢ ᠢᠢᠨ ᠲᠦᠩᠰᠢᠯᠡᠯ ᠦᠨ ᠲᠦᠪᠰᠢᠨ ᠳᠥ ᠬᠦᠷᠡᠬᠦ ᠪᠡᠷ ᠵᠠᠷᠯᠠᠭᠰᠠᠨ ᠨᠢ ᠬᠥᠷᠦᠩᠭᠡ ᠣᠷᠣᠭᠤᠯᠤᠭᠴᠢᠳ ᠤᠨ ᠰᠣᠨᠢᠷᠬᠠᠯ ᠢ ᠶᠡᠬᠡ ᠪᠡᠷ ᠲᠠᠲᠠᠵᠤ ᠪᠠᠢᠢᠯ᠎ᠠ᠃

ᠲᠥᠷᠥ ᠢᠢᠨ ᠲᠡᠷᠢᠭᠦᠨ ᠮᠣᠩ᠋ᠭᠣᠯ ᠤᠯᠤᠰ ᠲᠤ ᠬᠥᠷᠥᠩᠭᠡ ᠤᠷᠤᠭᠤᠯᠬᠤ᠂ ᠪᠢᠽᠢᠨ᠋᠋ᠧᠰ  ᠢᠶᠡᠨ ᠡᠷᠬᠢᠯᠡᠬᠦ ᠪᠣᠯᠤᠮᠵᠢ ᠥᠷᠭᠡᠨ ᠪᠠᠢᠢᠭ᠎ᠠ ᠭᠡᠳᠡᠭ ᠢ ᠬᠡᠯᠡᠵᠦ᠂ ᠲᠡᠷᠡ ᠳᠤᠮᠳᠠ ᠪᠠᠨ ᠬᠥᠳᠡᠭᠡ ᠠᠵᠤ ᠠᠬᠤᠢ᠂ ᠥᠨᠳᠥᠷ ᠲᠧᠭᠨᠣᠯᠣᠭᠢ᠂ ᠡᠷᠡᠭᠦᠯ ᠮᠡᠨᠳᠦ᠂ ᠠᠭᠤᠯᠠ ᠠᠭᠤᠷᠬᠠᠢ ᠵᠡᠷᠭᠡ ᠰᠠᠯᠪᠤᠷᠢ ᠳᠤ ᠬᠥᠷᠥᠩᠭᠡ ᠣᠷᠣᠭᠤᠯᠬᠤ ᠳᠤ ᠪᠠᠨ ᠲᠧᠭᠨᠣᠯᠣᠭᠢ ᠨᠡᠪᠲᠡᠷᠡᠭᠦᠯᠬᠦ᠂ ᠪᠣᠯᠪᠠᠰᠤᠷᠠᠭᠤᠯᠬᠤ ᠦᠢᠯᠡᠳᠪᠦᠷᠢ ᠪᠠᠢᠢᠭᠤᠯᠬᠤ ᠳᠤ ᠣᠨᠴᠤᠭᠤᠢᠢᠯᠠᠨ ᠠᠩᠬᠠᠷᠬᠤ ᠬᠡᠷᠡᠭᠲᠡᠢ ᠢᠢ ᠲᠣᠳᠣᠳᠬᠠᠨ ᠬᠡᠯᠡᠯ᠎ᠡ᠃

ᠠᠭᠤᠯᠵᠠᠯᠲᠠ ᠳᠤ᠂ ᠠᠮᠧᠷᠢᠺᠠ ᠢᠢᠨ ᠨᠢᠭᠡᠳᠦᠭᠰᠡᠨ ᠤᠯᠤᠰ ᠤᠨ ᠲᠥᠷᠦ ᠢᠢᠨ ᠳ᠋ᠧᠫᠠᠲ᠋ᠠᠮᠸᠨ᠋ᠲ᠂ ᠬᠤᠳᠠᠯᠳᠤᠭᠠᠨ ᠤ ᠶᠠᠮᠤ᠂ ᠮᠢᠩ᠋ᠭᠠᠨ ᠤ ᠰᠣᠷᠢᠯᠲᠠ ᠢᠢᠨ ᠰᠠᠩ᠂ ᠳᠡᠯᠡᠬᠡᠢ ᠢᠢᠨ ᠪᠠᠩᠬᠢ᠂ ᠮᠣᠩᠰᠦ᠋ᠦᠨ ᠪᠯᠣᠺᠴᠠᠢᠢᠢᠨ᠂ ᠸᠦᠦᠳ᠋ ᠺᠠᠫᠢᠲ᠋ᠠᠯ ᠫᠠᠷᠲ᠋ᠨᠧᠷᠰ᠂ ᠷᠢᠣ᠋ ᠲᠢᠨ᠋ᠲ᠋ᠣ᠋᠂ ᠪᠣᠢᠢᠩ ᠢ ᠵᠡᠷᠭᠡ ᠬᠤᠪᠢ ᠢᠢᠨ ᠪᠣᠯᠤᠨ ᠲᠥᠷᠦ ᠢᠢᠨ ᠬᠡᠪᠰᠢᠯ ᠦᠨ ᠲᠥᠯᠦᠭᠡᠯᠡᠭᠴᠢᠳ ᠣᠷᠣᠯᠴᠠᠪᠠ᠃